ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠪᠦᠭᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/1/13
      ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠪᠦᠭᠦᠳᠡ ᠬᠤᠷᠠᠯ ᠬᠤᠷᠠᠯᠳᠤᠭᠰᠠᠨ              ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠪᠦᠭᠦᠳᠡ ᠬᠤᠷᠠᠯ᠂ 2025 ᠣᠨ ᠤ 1 ᠰᠠᠷ᠎ᠠ ᠶᠢᠨ 10 ᠤ ᠡᠳᠦᠷ ᠤᠯᠠᠭᠠᠨᠬᠤᠸᠠ  ᠪᠠᠯᠭᠠᠰᠤᠨ ᠳᠤ ᠶᠠᠪᠤᠭᠳᠠᠪᠠ᠃       ᠪᠦᠭᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ 2024 ᠣᠨ ᠤ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂《ᠯᠢ ᠱᠤ᠋ ᠹᠧᠩ ᠵᠡᠷᠭᠡ ᠨᠥᠬᠦᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠨᠢ ᠪᠠᠭᠤᠯᠭᠠᠬᠤ ᠲᠤᠬᠠᠢ ᠲᠣᠭᠲᠠᠭᠠᠯ》《ᠶᠢᠨ ᠰᠢᠶᠠᠩ ᠵᠦᠩ ᠵᠡᠷᠭᠡ ᠣᠷᠣᠯᠠᠭᠴᠢ ᠭᠡᠰᠢᠭᠦᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠢᠶᠠᠷ ᠳᠡᠪᠰᠢᠭᠦᠯᠬᠦ ᠲᠤᠬᠠᠢ ᠲᠣᠭᠲᠠᠭᠠᠯ》 ᠢ ᠬᠢᠨᠠᠨ ᠵᠥᠪᠯᠡᠵᠦ ᠪᠠᠲᠤᠯᠠᠪᠠ᠃       ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠭᠡᠰᠢᠭᠦᠨ 37 ᠬᠥᠮᠦᠨ᠂ ᠣᠷᠣᠯᠠᠭᠴᠢ ᠭᠡᠰᠢᠭᠦᠨ 8 ᠬᠥᠮᠦᠨ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠ ᠰᠢᠰᠲ᠋ᠧᠮ ᠢᠶᠠᠷ ᠢᠶᠠᠨ ᠬᠠᠮᠢᠶᠠᠷᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠬᠡᠰᠡᠭ ᠲᠥᠯᠥᠭᠡᠯᠡᠭᠴᠢᠳ ᠪᠠ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠬᠠᠮ ᠵᠠᠭᠤᠴᠢᠯᠠᠭᠤᠷ ᠤᠨ ᠪᠦᠬᠦ   ᠰᠤᠷᠪᠤᠯᠵᠢᠯᠠᠭᠴᠢᠤᠨᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2