ᠲᠦᠭᠡᠮᠡᠯ ᠬᠠᠶᠢᠷ᠎ᠠ ᠲᠥᠷᠥᠯ ᠵᠦᠢᠯ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠳᠤ ᠠᠰᠢᠭ | ᠬᠦᠷᠳᠡᠭᠡᠭᠰᠡᠨ | | 《 ᠲᠦᠭᠡᠮᠡᠯ ᠬᠠᠶᠢᠷ᠎ᠠ ᠬᠡᠳᠦ ᠳᠡᠯᠭᠡᠭᠦᠷ 》ᠪᠣᠯ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ 《 ᠲᠦᠭᠡᠮᠡᠯ | ᠬᠠᠶᠢᠷ᠎ᠠ ᠭᠡᠷ ᠣᠷᠣᠨ 》 ᠤ ᠲᠥᠷᠥᠯ ᠵᠦᠢᠯ ᠤᠨ ᠳᠣᠲᠣᠷᠠᠬᠢ ᠨᠢᠭᠡ ᠵᠦᠢᠯ ᠪᠣᠯᠬᠤ ᠪᠦᠭᠡᠳ ᠬᠥᠳᠡᠭᠡ | ᠲᠣᠰᠬᠤᠨ ᠳᠤ ᠬᠡᠷᠡᠭᠵᠢᠭᠦᠯᠦᠭᠰᠡᠨ᠋ ᠠᠴᠠ ᠨᠡᠰᠢ᠂ ᠬᠥᠳᠡᠭᠡ ᠲᠣᠰᠬᠤᠨ ᠤ ᠠᠷᠠᠳ ᠤᠨ ᠨᠡᠶᠢᠳᠡᠮ ᠬᠦᠷᠢᠶᠡᠯᠡᠯ ᠪᠠ | ᠮᠠᠭᠲᠠᠭᠠᠯ ᠰᠠᠶᠢᠰᠢᠶᠠᠯ ᠢ ᠣᠯᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠪᠣᠯᠤᠨ ᠵᠠᠰᠠᠭ ᠤᠨ ᠣᠷᠳᠣᠨ | ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ | ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠡᠶᠢᠭᠡᠮ ᠤᠨ | ᠬᠦᠴᠦᠨ ᠢ ᠥᠷᠭᠡᠨ ᠢᠶᠠᠷ ᠳᠠᠶᠢᠴᠢᠯᠠᠵᠤ᠂ ᠤᠯᠠᠭᠠᠨ ᠵᠠᠭᠠᠯᠮᠠᠶᠢᠳᠠᠨ ᠤ 《ᠲᠦᠭᠡᠮᠡᠯ ᠬᠠᠶᠢᠷ᠎ᠠ》 ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠵᠠᠬ᠎ᠠ ᠳᠡᠯᠭᠡᠭᠦᠷ ᠪᠠ ᠨᠡᠶᠢᠭᠡᠮ ᠤᠨ ᠬᠦᠴᠦᠨ ᠤ ᠦᠢᠯᠡᠳᠦᠯ ᠢ | ᠭᠦᠢᠴᠡᠳ ᠪᠠᠳᠠᠷᠠᠭᠤᠯᠵᠤ᠂ ᠲᠥᠷᠥᠯ ᠲᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ 《 ᠣᠯᠠᠨ | ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ 》 ᠢ ᠦᠨᠡᠨᠬᠦ ᠰᠠᠶᠢᠲᠤᠷ ᠪᠠᠶᠢᠭᠤᠯᠵᠤ᠂ | 《ᠲᠦᠭᠡᠮᠡᠯ ᠬᠠᠶᠢᠷ᠎ᠠ》ᠲᠥᠷᠥᠯ ᠵᠦᠢᠯ ᠢ ᠦᠨᠳᠦᠰᠦᠨ ᠱᠠᠲᠤᠨ ᠳᠤ᠂ ᠣᠯᠠᠨ ᠲᠦᠮᠡᠨ ᠬᠠᠨᠤᠮᠵᠢᠲᠠᠢ᠂ | ᠣᠨᠴᠠᠯᠢᠭᠲᠤ ᠤᠯᠠᠭᠠᠨ ᠵᠠᠭᠠᠯᠮᠠᠶᠢᠳᠠᠨ ᠤ ᠲᠥᠷᠥᠯ ᠲᠡᠮᠳᠡᠭ ᠪᠦᠬᠦᠢ ᠲᠥᠷᠥᠯ ᠵᠦᠢᠯ ᠪᠣᠯᠭᠠᠨ ᠪᠦᠲᠦᠭᠡᠨ | ᠪᠠᠶᠢᠭᠤᠯᠵᠤ᠂ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠶᠢ ᠨᠢ ᠤᠯᠠᠮ ᠨᠢᠭᠡ ᠠᠯᠬᠤᠮ ᠴᠢᠩᠭᠠᠳᠬᠠᠵᠤ᠂ | ᠦᠨᠳᠦᠰᠦᠨ ᠱᠠᠲᠤᠨ ᠤ ᠣᠯᠠᠨ ᠲᠦᠮᠡᠨ ᠳᠤ ᠨᠡᠩ ᠳᠥᠭᠦᠮ ᠲᠦᠳᠡ ᠪᠣᠳᠠᠲᠤ ᠠᠰᠢᠭ ᠬᠦᠷᠲᠡᠭᠡᠬᠦ ᠦᠢᠯᠡᠴᠢᠯᠡᠭᠡ | ᠣᠯᠭᠤᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠠᠶᠢᠷ᠎ᠠ ᠬᠠᠯᠠᠮᠵᠢ ᠪᠠᠨ ᠡᠷᠭᠦᠬᠦ᠂ ᠬᠠᠶᠢᠷ᠎ᠠ ᠬᠠᠯᠠᠮᠵᠢ | ᠪᠠᠨ ᠳᠠᠮᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠲᠦᠭᠡᠮᠡᠯ ᠬᠠᠶᠢᠷ᠎ᠠ ᠶᠢᠨ ᠭᠡᠷᠡᠯ ᠭᠢᠯᠪᠠᠭ᠎ᠠ ᠶᠢ ᠳᠥᠷᠪᠡᠳ | ᠬᠤᠰᠢᠭᠤᠨ ᠤ ᠡᠨᠡᠬᠦ ᠬᠡᠰᠡᠭ ᠭᠠᠵᠠᠷ ᠰᠢᠷᠣᠢ ᠳᠡᠭᠡᠷ᠎ᠡ ᠥᠨᠢᠳᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠠᠨ᠎ᠠ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |