ᠮᠧᠩ ᠦ ᠲᠦᠮᠦᠰᠦ ᠵᠢᠷᠭᠤᠭᠠᠨ ᠨᠣᠮᠧᠷᠲᠦ ᠲᠤᠰᠬᠠᠢ ᠡᠷᠬᠡ ᠣᠯᠭᠤᠵᠤ ᠣᠷᠣᠨ ᠪᠦᠰᠡ ᠶᠢᠨ ᠲᠠᠷᠢᠶᠠᠯᠠᠩ ᠤᠨ ᠬᠥᠭᠵᠢᠯᠲᠡ ᠶᠢ ᠳᠡᠮᠵᠢᠭᠰᠡᠨ
ᠨᠡᠶᠢᠲᠡᠯᠡᠭᠰᠡᠨ ᠴᠠᠭ᠄
2025/1/14
      ᠮᠧᠩ ᠦ ᠲᠦᠮᠦᠰᠦ ᠵᠢᠷᠭᠤᠭᠠᠨ ᠨᠣᠮᠧᠷᠲᠦ ᠲᠤᠰᠬᠠᠢ ᠡᠷᠬᠡ ᠣᠯᠭᠤᠵᠤ ᠣᠷᠣᠨ ᠪᠦᠰᠡ ᠶᠢᠨ ᠲᠠᠷᠢᠶᠠᠯᠠᠩ ᠤᠨ ᠬᠥᠭᠵᠢᠯᠲᠡ ᠶᠢ ᠳᠡᠮᠵᠢᠭᠰᠡᠨ              ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠡᠩ ᠤᠨ ᠦᠷ᠎ᠡ ᠪᠤᠶᠢᠵᠢᠭᠤᠯᠬᠤ ᠠᠵᠢᠯ ᠤᠨ ᠪᠠᠶᠢᠷᠢ ᠶᠢᠨ ᠪᠦᠯᠬᠦᠮ ᠨᠢᠭᠡᠴᠡ ᠶᠢᠨ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠤᠭᠰᠠᠨ ᠲᠥᠮᠥᠰᠥ ᠶᠢᠨ ᠰᠢᠨ᠎ᠡ ᠡᠭᠦᠯᠳᠡᠷ 《ᠮᠧᠩ ᠦ ᠲᠦᠮᠦᠰᠦ 6 ᠨᠣᠮᠧᠷᠲᠦ》 ᠨᠢ ᠥᠪᠥᠷ ᠮᠣᠩᠭᠤᠯ ᠤᠨ ᠰᠢᠨ ᠢᠦᠢ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠵᠢᠩᠬᠢᠨᠢ ᠪᠠᠷ ᠡᠷᠬᠡ ᠣᠯᠭᠤᠪᠠ᠂ ᠡᠨᠡ ᠪᠣᠯ ᠤᠯᠠᠭᠠᠨᠴᠠᠪ ᠭᠠᠵᠠᠷ ᠣᠷᠣᠨ ᠤ ᠠᠩᠬᠠᠳᠠᠭᠴᠢ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠤᠭᠰᠠᠨ ᠦᠷ᠎ᠡ ᠪᠤᠶᠢᠵᠢᠭᠤᠯᠬᠤ ᠡᠷᠬᠡ ᠣᠯᠭᠤᠭᠰᠠᠨ ᠶᠠᠪᠤᠳᠠᠯ ᠪᠣᠯᠤᠨ᠎ᠠ᠃      《ᠮᠧᠩ ᠦ ᠲᠦᠮᠦᠰᠦ 6 ᠨᠣᠮᠧᠷᠲᠦ》 ᠪᠣᠯ ᠤᠯᠠᠭᠠᠨᠴᠠᠪ ᠬᠤᠲᠠ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠯᠠᠨ ᠵᠢᠯ ᠤᠨ ᠨᠢᠮᠪᠠᠢ ᠰᠣᠩᠭᠤᠨ ᠪᠤᠶᠢᠵᠢᠭᠤᠯᠤᠭᠰᠠᠨ ᠰᠢᠯᠢᠳᠡᠭ ᠲᠥᠮᠦᠰᠦᠨ ᠤ ᠰᠢᠨ᠎ᠡ ᠡᠭᠦᠯᠳᠡᠷ ᠪᠣᠯᠤᠨ᠎ᠠ᠃ ᠲᠤᠰ ᠡᠭᠦᠯᠳᠡᠷ ᠨᠢ ᠮᠠᠰᠢ ᠣᠯᠠᠨ ᠰᠢᠯᠢᠳᠡᠭ ᠣᠨᠴᠠᠯᠢᠭ ᠲᠠᠢ ᠪᠠᠶᠢᠵᠤ᠂ ᠥᠨᠳᠥᠷ ᠤᠨᠠᠯᠲᠠ ᠲᠠᠢ᠂ ᠡᠪᠡᠳᠴᠢᠨ ᠢ ᠡᠰᠡᠷᠭᠦᠴᠡᠬᠦ᠂ ᠵᠣᠬᠢᠴᠠᠬᠤ ᠴᠢᠨᠠᠷ ᠢᠶᠠᠷ ᠴᠢᠩᠭ᠎ᠠ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠤᠰᠤᠨ ᠲᠠᠷᠢᠶ᠎ᠠ ᠲᠠᠷᠢᠬᠤ ᠨᠥᠬᠦᠴᠡᠯ ᠳᠣᠣᠷ᠎ᠠ ᠳᠤᠮᠳᠠᠴᠢ ᠤᠨᠠᠯᠲᠠ ᠨᠢ 5 ᠲᠤᠨ᠋‌‍ᠠ᠋ᠴᠠ ᠳᠡᠭᠡᠭᠰᠢ ᠪᠠᠶᠢᠵᠤ᠂ ᠳᠤᠮᠳᠠᠴᠢ ᠴᠠᠷᠳᠠᠭᠤᠯ ᠤᠨ ᠠᠭᠤᠯᠤᠭᠳᠠᠴᠠ ᠨᠢ 16% ᠠᠴᠠ ᠳᠡᠭᠡᠭᠰᠢ ᠪᠠᠶᠢᠵᠤ᠂ ᠴᠠᠷᠳᠠᠭᠤᠯ ᠪᠣᠯᠪᠠᠰᠤᠷᠠᠭᠤᠯᠬᠤ ᠲᠠᠯ᠎ᠠ ᠪᠠᠷ ᠢᠯᠡᠷᠬᠡᠢ ᠳᠠᠪᠠᠭᠤᠯᠢᠭ ᠲᠠᠯ᠎ᠠ ᠲᠠᠢ ᠪᠠᠶᠢᠬᠤ ᠶᠢᠨ ᠬᠠᠮᠲᠤ᠂ ᠰᠢᠨ᠎ᠡ ᠰᠣᠷᠭᠤᠭ ᠢᠳᠡᠭᠡᠨ ᠤ ᠴᠢᠨᠠᠷ ᠨᠢ ᠴᠦ ᠮᠠᠰᠢ ᠰᠠᠶᠢᠨ᠂ ᠠᠮᠲᠠ ᠨᠢ ᠰᠠᠶᠢᠨ᠂ ᠭᠠᠳᠠᠷ ᠳᠦᠷᠢ ᠨᠢ ᠭᠤᠶᠣ ᠰᠠᠶᠢᠬᠠᠨ ᠪᠠᠶᠢᠵᠤ᠂ ᠵᠠᠬ᠎ᠠ ᠳᠡᠯᠭᠡᠭᠦᠷ ᠤᠨ ᠬᠦᠷᠢᠶᠡᠯᠡᠯ ᠢ ᠭᠦᠨ ᠣᠯᠵᠤ᠂ ᠡᠨᠡᠬᠦ ᠬᠠᠮᠲᠤ ᠶᠢᠨ ᠠᠵᠢᠯᠯᠠᠭ᠎ᠠ ᠨᠢ  ᠤᠷᠤᠨ ᠨᠤᠲᠤᠭ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠰᠢᠨ᠎ᠡ ᠪᠣᠯᠤᠮᠵᠢ ᠠᠪᠴᠢᠷᠠᠬᠤ ᠪᠣᠯᠤᠨ᠎ᠠ᠃         ᠥᠪᠥᠷ ᠮᠣᠩᠭᠤᠯ ᠤᠨ ᠰᠢᠨ ᠢᠦᠢ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠴᠤ ᠲᠤᠰ ᠤᠳᠠᠭ᠎ᠠ ᠶᠢᠨ ᠭᠠᠭᠴᠠᠭᠠᠷ ᠡᠷᠬᠡ ᠣᠯᠭᠤᠭᠰᠠᠨ ᠲᠣᠬᠢᠶᠠᠯ ᠢ ᠭᠦᠢᠴᠡᠳ ᠠᠰᠢᠭᠯᠠᠵᠤ᠂ 《ᠮᠧᠩ ᠦ ᠲᠦᠮᠦᠰᠦ 6 ᠨᠣᠮᠧᠷᠲᠦ》 ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠷᠡᠲᠦ ᠲᠡᠮᠳᠡᠭ ᠢ ᠡᠭᠦᠳᠴᠦ᠂ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠪᠠ ᠲᠠᠷᠢᠶᠠᠴᠢᠨ ᠡᠷᠦᠬᠡ ᠶᠢᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠰᠢᠨ᠎ᠡ ᠪᠠᠶᠢᠳᠠᠯ ᠢ ᠭᠠᠷ ᠬᠤᠯᠪᠣᠨ ᠨᠡᠭᠡᠭᠡᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠴᠧᠨ ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2