ᠳᠥᠷᠪᠡᠳ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠬᠤᠯᠪᠣᠭᠠᠲᠤ ᠨᠡᠶᠢᠭᠡᠮ ᠲᠣᠭᠤᠷᠢᠭ ᠰᠢᠨ᠎ᠡ | ᠵᠢᠯ ᠤᠨ ᠠᠵᠢᠯᠯᠠᠭ᠎ᠠ ᠦᠷᠨᠢᠭᠦᠯᠦᠭᠰᠡᠨ | | ᠳᠤᠮᠳᠠᠲᠤ ᠤᠯᠤᠰ ᠤᠨ ᠤᠯᠠᠮᠵᠢᠯᠠᠯᠲᠤ ᠰᠣᠶᠣᠯ ᠢ ᠬᠥᠭᠵᠢᠭᠦᠯᠵᠦ᠂ ᠪᠠᠶᠠᠷ ᠲᠡᠮᠳᠡᠭᠯᠡᠬᠦ ᠪᠠᠶᠠᠷ ᠲᠡᠮᠳᠡᠭᠯᠡᠬᠦ | ᠠᠭᠤᠷ ᠠᠮᠢᠰᠬᠤᠯ ᠢ ᠪᠣᠢ ᠪᠣᠯᠭᠠᠵᠤ᠂ ᠢᠷᠭᠡᠳ ᠤᠨ ᠬᠥᠷᠰᠢ ᠶᠢᠨ ᠬᠠᠶᠢᠷ᠎ᠠ ᠰᠡᠳᠬᠢᠯ ᠤᠨ ᠬᠤᠯᠪᠣᠭ᠎ᠠ ᠪᠣᠯᠤᠨ | ᠰᠣᠶᠣᠯ ᠤᠨ ᠬᠦᠯᠢᠶᠡᠨ ᠵᠥᠪᠰᠢᠶᠡᠷᠡᠬᠦ ᠰᠡᠳᠬᠢᠯᠭᠡ ᠶᠢ ᠡᠷᠴᠢᠮᠵᠢᠭᠦᠯᠬᠦ ᠵᠣᠷᠢᠯᠭ᠎ᠠ ᠪᠠᠷ ᠂ ᠳᠥᠷᠪᠡᠳ ᠬᠤᠰᠢᠭᠤᠨ ᠤ | ᠤᠳᠬ᠎ᠠ ᠤᠷᠠᠯᠢᠭ ᠤᠨ ᠬᠤᠯᠪᠣᠭ᠎ᠠ ᠤᠯᠠᠭᠠᠨ ᠵᠠᠮ ᠤᠨ ᠨᠡᠶᠢᠭᠡᠮ ᠲᠣᠭᠤᠷᠢᠭ ᠠᠬᠤᠢ ᠲᠠᠯᠠᠪᠠᠢ ᠳᠤ ᠪᠠᠨ ᠬᠤᠣᠰ | ᠤᠶᠠᠩᠭ᠎ᠠ᠂ ᠪᠤᠶᠠᠨ ᠦᠰᠦᠭ ᠪᠢᠴᠢᠬᠦ ᠵᠡᠷᠭᠡ ᠬᠥᠳᠡᠯᠪᠦᠷᠢ ᠪᠠᠷ ᠳᠠᠮᠵᠢᠨ ᠰᠢᠨ᠎ᠡ ᠵᠢᠯ ᠤᠨ ᠪᠠᠶᠠᠷ ᠢ ᠪᠠᠶᠠᠷᠯᠠᠨ | ᠤᠭᠲᠤᠵᠠᠢ᠃ | | | | | | | | ᠣᠶᠢᠷ᠎ᠠ ᠳᠤ᠂ ᠤᠯᠠᠭᠠᠨᠬᠤᠸᠠ ᠪᠠᠯᠭᠠᠰᠤᠨ ᠤ ᠤᠯᠠᠭᠠᠨ ᠵᠠᠮ ᠤᠨ ᠨᠡᠶᠢᠭᠡᠮ ᠲᠣᠭᠤᠷᠢᠭ ᠤᠨ ᠠᠵᠢᠯᠲᠠᠨ | ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠤᠷᠠᠨ ᠪᠢᠴᠢᠯᠭᠡ ᠶᠢᠨ ᠪᠠᠭᠰᠢ᠂ ᠨᠡᠶᠢᠭᠡᠮ ᠲᠣᠭᠤᠷᠢᠭ ᠤᠨ | ᠤᠷᠠᠨ ᠪᠢᠴᠢᠯᠭᠡ ᠶᠢᠨ ᠪᠠᠭ᠋ᠠᠳᠠᠳ᠂ ᠰᠠᠭᠤᠭᠠᠯᠢ ᠠᠷᠠᠳ ᠢ ᠤᠷᠢᠵᠤ 《 ᠥᠩᠭᠡ ᠪᠣᠳᠤᠭ ᠨᠡᠮᠡᠷᠢᠯᠡᠨ ᠴᠠᠭᠠᠨ | ᠰᠠᠷ᠎ᠠ ᠶᠢ ᠤᠭᠲᠤᠬᠤ 》 ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠤᠷᠠᠨ ᠪᠢᠴᠢᠯᠭᠡ ᠶᠢᠨ ᠪᠠᠭᠰᠢ | ᠪᠣᠯᠤᠨ ᠤᠷᠠᠨ ᠪᠢᠴᠢᠯᠭᠡ ᠳᠤ ᠪᠠᠭ᠋ᠠᠲᠠᠢ ᠬᠥᠮᠦᠰ ᠬᠠᠨᠴᠤᠢ ᠪᠠᠨ ᠰᠢᠮᠡᠯᠡᠨ ᠪᠢᠷ ᠪᠠᠷᠢᠭᠰᠠᠨ᠂ ᠪᠢᠷ ᠪᠠᠷᠢᠭᠰᠠᠨ᠂ | ᠰᠢᠷᠭᠠᠭᠤ ᠬᠠᠲᠠᠭᠤᠵᠢᠯᠲᠠᠢ ᠨᠣᠮ᠂ ᠥᠯᠵᠡᠢ ᠪᠡᠯᠭᠡ ᠲᠠᠢ ᠬᠤᠯᠪᠣᠭ᠎ᠠ ᠪᠣᠯᠤᠨ ᠪᠤᠶᠠᠨ ᠦᠰᠦᠭ ᠲᠠᠢ ᠠᠳᠬᠤᠯᠴᠠᠨ | ᠨᠢᠭᠡᠳᠴᠦ ᠲᠤᠬᠠᠢ ᠶᠢᠨ ᠲᠠᠯᠠᠪᠠᠢ ᠶᠢᠨ ᠣᠷᠣᠰᠢᠨ ᠰᠠᠭᠤᠭᠴᠢᠳ ᠨᠣᠮ ᠤᠩᠰᠢᠬᠤ ᠶᠠᠪᠤᠴᠠ ᠶᠢ ᠨᠠᠷᠢᠨ ᠬᠢᠨᠠᠮᠠᠭᠠᠢ | ᠦᠷᠨᠢᠭᠦᠯᠵᠡᠢ᠃ | ᠤᠯᠠᠭᠠᠨ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠦ ᠴᠢᠩ ᠶᠢ᠄ 《 ᠴᠠᠭᠠᠨ ᠰᠠᠷ᠎ᠠ ᠶᠢᠨ | ᠬᠤᠯᠪᠤᠭᠠᠨ ᠠᠴᠠ ᠣᠳᠣ ᠭᠠᠵᠠᠷ ᠪᠣᠯᠭᠠᠨ ᠳᠤ ᠬᠤᠳᠠᠯᠳᠤᠨ ᠠᠪᠴᠤ᠂ ᠬᠡᠯᠪᠡᠷᠢ ᠨᠢ ᠴᠦ ᠡᠯᠪᠡᠭ ᠪᠠᠶᠠᠯᠢᠭ ᠪᠣᠯᠪᠠᠴᠤ | ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠭᠠᠷ ᠢᠶᠠᠷ ᠪᠢᠴᠢᠭᠰᠡᠨ ᠴᠠᠭᠠᠨ ᠰᠠᠷ᠎ᠠ ᠶᠢᠨ ᠪᠠᠶᠠᠷ ᠤᠨ | ᠡᠳᠦᠷ ᠤᠨ ᠬᠤᠣᠰ ᠤᠶᠠᠩᠭ᠎ᠠ ᠠᠵᠢᠯᠯᠠᠭ᠎ᠠ ᠨᠢ ᠪᠢᠳᠡᠨ ᠤ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠢᠷᠦᠭᠡᠯ ᠢ | ᠪᠦᠷ ᠥᠪᠡᠷ ᠢᠶᠠᠨ ᠪᠢᠴᠢᠭᠦᠯᠵᠦ ᠪᠣᠯᠤᠨ᠎ᠠ᠂ ᠨᠡᠩ ᠤᠳᠬ᠎ᠠ ᠠᠭᠤᠯᠭ᠎ᠠ ᠲᠠᠢ᠂ ᠡᠨᠡ ᠠᠵᠢᠯᠯᠠᠭ᠎ᠠ ᠨᠢ ᠣᠨᠴᠠᠭᠠᠢ | ᠰᠠᠶᠢᠨ᠂ ᠣᠨᠴᠠᠭᠠᠢ ᠤᠲᠤᠭ᠎ᠠ ᠭᠠᠷᠴᠤ ᠪᠠᠶᠢᠨ᠎ᠠ᠃》 | ᠲᠤᠰ ᠤᠳᠠᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠪᠠᠶᠠᠷ ᠤᠨ | ᠡᠳᠦᠷ ᠤᠨ ᠠᠭᠤᠷ ᠠᠮᠢᠰᠬᠤᠯ ᠢ ᠪᠣᠢ ᠪᠣᠯᠭᠠᠵᠤ᠂ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠷᠢᠳᠢ ᠰᠢᠳᠢ ᠶᠢ ᠦᠵᠡᠭᠦᠯᠪᠡ᠃ ᠬᠤᠶᠢᠰᠢᠳᠠ᠂ ᠳᠥᠷᠪᠡᠳ ᠬᠤᠰᠢᠭᠤᠨ ᠤ ᠤᠯᠠᠭᠠᠨᠬᠤᠸᠠ | ᠪᠠᠯᠭᠠᠰᠤᠨ ᠤ ᠤᠯᠠᠭᠠᠨ ᠵᠠᠮ ᠤᠨ ᠨᠡᠶᠢᠭᠡᠮ ᠲᠣᠭᠤᠷᠢᠭ ᠬᠠᠷᠢᠶ᠎ᠠ ᠲᠣᠭᠤᠷᠢᠭ ᠤᠨ ᠡᠬᠢ ᠪᠠᠶᠠᠯᠢᠭ ᠢᠶᠠᠨ ᠦᠷᠭᠦᠯᠵᠢᠯᠡᠨ | ᠨᠢᠭᠡᠳᠬᠡᠵᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠠᠵᠢᠯᠯᠠᠭ᠎ᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠨᠡᠩ ᠣᠯᠠᠨ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠪᠠᠨ | ᠰᠠᠭᠤᠭᠠᠯᠢ ᠠᠷᠠᠳ ᠤᠨ 《 ᠭᠡᠷ ᠤᠨ ᠡᠭᠦᠳᠡ 》 ᠳᠤ ᠬᠦᠷᠭᠡᠬᠦ ᠪᠣᠯᠤᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |