ᠥᠪᠥᠷ ᠮᠣᠩᠭᠤᠯ ᠤᠨ ᠪᠠᠶᠠᠰᠬᠤᠯᠠᠩᠲᠤ ᠮᠥᠰᠥ ᠴᠠᠰᠤᠨ ᠤ ᠤᠯᠠᠷᠢᠯ ᠤᠯᠠᠭᠠᠨᠴᠠᠪ ᠬᠤᠲᠠ ᠶᠢᠨ ᠬᠤᠶᠠᠳᠤᠭᠠᠷ | ᠬᠤᠭᠤᠴᠠᠭᠠᠨ ᠤ ᠮᠥᠰᠥ ᠴᠠᠰᠤᠨ ᠤ ᠵᠤᠭᠠᠴᠠᠭᠰᠠᠳ ᠤᠨ ᠨᠠᠭᠠᠳᠤᠮ ᠤᠨ ᠬᠤᠷᠠᠯ ᠳᠤ ᠬᠥᠷ ᠬᠥᠭᠵᠢᠶᠡᠨ ᠨᠠᠷᠭᠢᠶᠠᠨ ᠲᠠᠢ | | ᠮᠥᠰᠥ ᠴᠠᠰᠤᠨ ᠤ ᠠᠶᠠᠯᠠᠯ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠵᠢᠭᠤᠯᠬᠤ ᠵᠣᠷᠢᠯᠭ᠎ᠠ ᠪᠠᠷ᠂ ᠮᠥᠰᠥ | ᠴᠠᠰᠤᠨ ᠤ ᠠᠶᠠᠯᠠᠯ ᠵᠢᠭᠤᠯᠴᠢᠯᠠᠯ ᠤᠨ ᠬᠡᠷᠡᠭᠯᠡᠭᠡ ᠶᠢ ᠴᠢᠨᠠᠭᠰᠢᠳᠠ ᠠᠬᠢᠭᠤᠯᠵᠤ ᠂ 1 ᠰᠠᠷ᠎ᠠ ᠶᠢᠨ 15 ᠤ ᠣᠷᠣᠢ᠂ 《 | ᠥᠪᠥᠷ ᠮᠣᠩᠭᠤᠯ ᠤᠨ ᠪᠠᠶᠠᠰᠬᠤᠯᠠᠩᠲᠤ ᠮᠥᠰᠥ ᠴᠠᠰᠤᠨ ᠤ ᠤᠯᠠᠷᠢᠯ 》 ᠢᠶᠠᠷ ᠭᠤᠣᠯ ᠰᠡᠳᠦᠪ ᠪᠣᠯᠭᠠᠵᠤ᠂ ᠤᠯᠠᠭᠠᠨᠴᠠᠪ | ᠬᠤᠲᠠ ᠶᠢᠨ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠭᠰᠠᠳ ᠤᠨ ᠨᠠᠭᠠᠳᠤᠮ ᠳᠥᠷᠪᠡᠳ ᠬᠤᠰᠢᠭᠤᠨ ᠤ | ᠤᠯᠠᠭᠠᠨᠬᠤᠸᠠ ᠪᠠᠯᠭᠠᠰᠤᠨ ᠳᠤ ᠡᠬᠢᠯᠡᠪᠡ᠃ | | | | | | | ᠵᠢᠷᠤᠭ ᠪᠣᠯ ᠤᠯᠠᠭᠠᠨᠴᠠᠪ ᠬᠤᠲᠠ ᠶᠢᠨ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠭᠰᠠᠳ ᠤᠨ | ᠨᠠᠭᠠᠳᠤᠮ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠳᠤ ᠳᠡᠯᠭᠡᠭᠳᠡᠵᠦ ᠪᠠᠶᠢᠭ᠎ᠠ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠵᠠᠩ ᠶᠠᠨ ᠷᠦ᠋᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ | ᠢᠦᠢ ᠳ᠋ᠠᠢ ᠴᠢᠩ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠣᠨ ᠬᠠᠢ᠂ ᠤᠯᠠᠭᠠᠨᠴᠠᠪ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠠᠨ ᠪᠢᠨ ᠵᠡᠷᠭᠡ ᠤᠳᠤᠷᠢᠳᠤᠯᠭ᠎ᠠ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | | ᠬᠤᠸᠠ ᠳ᠋ᠧᠩ ᠤᠨ ᠠᠩᠬᠠᠨ ᠤ ᠬᠥᠰᠢᠭᠡ ᠳᠡᠭᠡᠷ᠎ᠡ ᠶᠣᠰᠣᠯᠠᠯ ᠤᠨ ᠲᠠᠯᠠᠪᠤᠷ ᠨᠢᠭᠡᠨᠲᠡ ᠬᠥᠮᠦᠨ ᠣᠯᠠᠨ | ᠴᠤᠭᠯᠠᠷᠠᠯᠳᠤᠨ ᠬᠥᠷ ᠨᠠᠷᠭᠢᠶᠠᠨ ᠢᠶᠠᠷ ᠪᠢᠯᠬᠠᠵᠤ᠂ ᠣᠯᠠᠨ ᠠᠷᠪᠢᠨ ᠵᠤᠭᠠᠴᠠᠭᠰᠠᠳ ᠡᠨᠡᠬᠦ ᠮᠥᠰᠥ ᠴᠠᠰᠤᠨ ᠳᠤ ᠨᠠᠭᠠᠳᠤᠨ | ᠲᠣᠭᠯᠠᠵᠤ ᠪᠠᠶᠢᠯ᠎ᠠ᠃ᠴᠥᠭᠡᠨ ᠪᠤᠰᠤ ᠬᠤᠲᠠ ᠶᠢᠨ ᠠᠷᠠᠳ ᠴᠤ ᠬᠦᠷᠦᠯᠴᠡᠨ ᠢᠷᠡᠵᠦ ᠺᠠᠷᠲ ᠨᠦᠳᠦᠵᠦ ᠪᠣᠢ᠂ | ᠣᠯᠠᠨ ᠢᠶᠠᠷ ᠢᠶᠠᠨ ᠪᠦᠷ ᠡᠨᠡᠬᠦ ᠮᠥᠰᠥ ᠴᠠᠰᠤᠨ ᠤ ᠵᠢᠷᠲᠢᠨᠴᠦ ᠶᠢᠨ ᠥᠪᠡᠷᠮᠢᠴᠡ ᠵᠤᠭ᠎ᠠ ᠴᠡᠩᠭᠡᠯ ᠤᠨ ᠳᠤᠮᠳᠠ | ᠰᠣᠭᠲᠣᠭᠤᠷᠠᠵᠤ᠂ ᠭᠡᠷ ᠤᠨ ᠬᠥᠮᠦᠰ ᠲᠠᠢ ᠪᠠᠨ ᠬᠠᠮᠲᠤᠪᠠᠷ ᠴᠠᠰᠤᠨ ᠲᠡᠰᠢᠭᠦᠷ᠂ ᠴᠠᠰᠤᠨ ᠳᠤ ᠮᠣᠲ᠋ᠣᠷ᠂ ᠴᠠᠰᠤᠨ ᠳᠤ | ᠮᠥᠷᠭᠦᠯᠳᠦᠬᠦ ᠲᠡᠷᠭᠡ ᠵᠡᠷᠭᠡ ᠲᠥᠷᠥᠯ ᠵᠦᠢᠯ ᠢ ᠪᠡᠶᠡᠴᠢᠯᠡᠨ ᠣᠶᠢᠯᠠᠭᠠᠵᠤ᠂ ᠬᠡᠯᠪᠡᠷᠢ ᠨᠢ ᠬᠤᠪᠢᠷᠠᠮᠠᠲᠠᠭᠠᠢ ᠮᠠᠬᠢᠷ᠂ ᠬᠠᠷ᠎ᠠ | ᠰᠢᠳᠢᠲᠦ ᠪᠡᠴᠢᠨ ᠵᠡᠷᠭᠡ ᠮᠥᠰᠥᠨ ᠱᠤᠭᠤᠮᠠᠯ ᠤᠨ ᠦᠵᠡᠮᠵᠢ ᠳᠤ ᠰᠦᠯᠵᠢᠶᠡᠨ ᠤ ᠤᠯᠠᠭᠠᠨ ᠡᠯᠧᠮᠧᠨᠲ ᠨᠡᠮᠡᠵᠦ᠂ | ᠵᠤᠭᠠᠴᠠᠬᠰᠠᠳ ᠢ ᠲᠡᠳᠡᠨ ᠺᠠᠷᠲ ᠲᠤ ᠵᠢᠷᠤᠭ ᠲᠠᠲᠠᠭᠤᠯᠤᠨ᠎ᠠ᠃ | | | | | | | | ᠦᠳᠡᠰᠢ᠂ ᠨᠠᠭᠠᠳᠤᠮ ᠶᠣᠰᠣᠯᠠᠯ ᠲᠡᠭᠦᠯᠳᠡᠷ ᠪᠣᠯᠵᠤ᠂ ᠲᠠᠶᠢᠰᠠᠨ ᠤ ᠭᠡᠷᠡᠯᠲᠦᠭᠦᠯᠭᠡ ᠳᠣᠣᠷ᠎ᠠ ᠪᠠᠶᠠᠷ ᠬᠥᠷ ᠤᠨ | ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃ ᠶᠣᠰᠣᠯᠠᠯ ᠳᠡᠭᠡᠷ᠎ᠡ᠂ ᠭᠠᠯ ᠪᠠᠮᠪᠠᠷᠴᠢᠨ ᠭᠠᠯ ᠪᠠᠮᠪᠠᠷ ᠳᠠᠮᠵᠢᠭᠤᠯᠵᠤ᠂ ᠢᠦᠢ | ᠳ᠋ᠠᠢ ᠴᠢᠩ ᠨᠠᠭᠠᠳᠤᠮ ᠤᠨ ᠭᠠᠯ ᠢ ᠠᠰᠠᠭᠠᠵᠤ᠂ ᠸᠠᠩ ᠵᠧᠨ ᠬᠠᠢ ᠠᠴᠠ ᠤᠯᠠᠭᠠᠨᠴᠠᠪ ᠬᠤᠲᠠ ᠶᠢᠨ ᠬᠤᠶᠠᠳᠤᠭᠠᠷ | ᠬᠤᠭᠤᠴᠠᠭᠠᠨ ᠤ ᠮᠥᠰᠥ ᠴᠠᠰᠤᠨ ᠤ ᠵᠤᠭᠠᠴᠠᠭᠰᠠᠳ ᠤᠨ ᠨᠠᠭᠠᠳᠤᠮ ᠤᠨ ᠶᠡᠭᠡ ᠬᠤᠷᠠᠯ ᠡᠬᠢᠯᠡᠭᠰᠡᠨ ᠢ ᠲᠤᠩᠬᠠᠭᠯᠠᠵᠠᠢ᠃ | ᠲᠤᠰ ᠬᠤᠭᠤᠴᠠᠭᠠᠨ ᠤ ᠮᠥᠰᠥ ᠴᠠᠰᠤᠨ ᠤ ᠵᠤᠭᠠᠴᠠᠭᠰᠠᠳ ᠤᠨ ᠨᠠᠭᠠᠳᠤᠮ ᠭᠤᠴᠢᠨ ᠡᠳᠦᠷ ᠤᠨ ᠰᠢᠷᠢᠰ ᠠᠵᠢᠯᠯᠠᠭ᠎ᠠ ᠶᠢᠨ | ᠬᠡᠯᠪᠡᠷᠢ ᠪᠠᠷ ᠶᠠᠪᠤᠭᠳᠠᠵᠤ᠂ ᠭᠤᠴᠣ ᠰᠠᠶᠢᠬᠠᠨ ᠠᠵᠢᠯᠯᠠᠭ᠎ᠠ ᠵᠢᠴᠢ ᠤᠷᠤᠯᠳᠤᠭᠠᠨ 2 ᠰᠠᠷ᠎ᠠ ᠶᠢᠨ 13 ᠤ ᠡᠳᠦᠷ ᠪᠣᠯᠲᠠᠯ᠎ᠠ | ᠦᠷᠭᠦᠯᠵᠢᠯᠡᠨ᠎ᠡ᠃ | ᠠᠵᠢᠯᠯᠠᠭ᠎ᠠ ᠨᠢ ᠤᠯᠠᠮᠵᠢᠯᠠᠯᠲᠤ ᠨᠠᠭᠠᠳᠤᠮ ᠤᠨ ᠬᠤᠷᠠᠯ ᠤᠨ ᠲᠠᠯᠠᠪᠠᠢ ᠶᠢᠨ ᠬᠡᠯᠪᠡᠷᠢ ᠪᠣᠯᠤᠨ ᠣᠳᠣ ᠦᠶ᠎ᠡ ᠶᠢᠨ | ᠴᠡᠩᠭᠡᠯ ᠤᠨ ᠬᠦᠷᠢᠶᠡᠯᠡᠩ ᠢ ᠣᠷᠭᠠᠨᠢᠭ ᠢᠶᠠᠷ ᠤᠶᠠᠯᠳᠤᠭᠤᠯᠤᠨ᠂ ᠠᠭᠤᠯᠭ᠎ᠠ ᠨᠢ ᠡᠯᠪᠡᠭ ᠪᠠᠶᠠᠯᠢᠭ᠂ ᠴᠠᠰᠤᠨ ᠳᠡᠭᠡᠷᠡᠬᠢ | ᠳᠡᠭᠡᠰᠦ ᠲᠠᠲᠠᠬᠤ ᠤᠷᠤᠯᠳᠤᠭᠠᠨ᠂ ᠴᠠᠰᠤᠲᠤ ᠭᠠᠵᠠᠷ ᠤᠨ ᠨᠠᠢᠮᠠᠨ ᠬᠥᠯᠲᠦ ᠵᠢᠭᠠᠰᠤ᠂ ᠴᠠᠰᠤᠨ ᠳᠡᠭᠡᠷᠡᠬᠢ ᠲᠣᠮᠣ ᠰᠢᠷ᠎ᠠ | ᠨᠤᠭᠤᠰᠤ᠂ ᠴᠠ ᠪᠤᠭᠤ ᠲᠠᠰᠢᠬᠤ ᠤᠷᠤᠯᠳᠤᠭᠠᠨ᠂ ᠬᠡᠦᠬᠡᠳ ᠤᠨ ᠴᠠᠰᠤ ᠭᠤᠯᠭᠤᠬᠤ ᠱᠠᠲᠤ ᠵᠡᠷᠭᠡ ᠰᠣᠨᠢᠨ ᠭᠠᠶᠢᠬᠠᠮᠰᠢᠭᠲᠤ | ᠮᠥᠰᠥ ᠴᠠᠰᠤᠨ ᠤ ᠨᠠᠭᠠᠳᠤᠮ ᠤᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠳ ᠲᠤ ᠴᠠᠰᠤ ᠮᠥᠰᠥ ᠴᠠᠰᠤᠨ ᠤ ᠲᠦᠢᠯ ᠤᠨ | ᠬᠤᠷᠳᠤᠨ 《 ᠲᠣᠭᠰᠢᠨ ᠰᠢᠭᠤᠷᠭ᠎ᠠ 》 ᠶᠢᠨ ᠰᠡᠲᠡᠯᠲᠡ ᠶᠢᠨ ᠪᠠᠶᠠᠷ ᠪᠠ ᠬᠤᠸᠠᠷ ᠴᠡᠴᠡᠭ ᠤᠨ ᠬᠡᠯᠪᠡᠷᠢ ᠶᠢᠨ ᠴᠠᠰᠤ | ᠱᠠᠭ᠎ᠠ ᠶᠢᠨ ᠭᠤᠶᠢᠳᠠ ᠰᠠᠶᠢᠬᠠᠨ ᠦᠵᠡᠮᠵᠢ ᠶᠢ ᠰᠣᠨᠢᠷᠬᠠᠭᠤᠯᠵᠠᠢ᠃ ᠳᠡᠭᠡᠰᠦ ᠲᠠᠲᠠᠬᠤ᠂ ᠴᠠᠰᠤᠲᠤ ᠭᠠᠵᠠᠷ ᠤᠨ ᠯᠤᠤᠲᠤ | ᠵᠠᠪᠢ᠂ ᠪᠥᠬᠡ᠂ ᠮᠣᠷᠢ ᠣᠷᠣᠯᠳᠣᠬᠤ᠂ ᠲᠡᠮᠡᠭᠡ ᠣᠷᠣᠯᠳᠣᠬᠤ᠂ ᠤᠯᠠᠮᠵᠢᠯᠠᠯᠲᠤ ᠰᠤᠷ ᠬᠠᠷᠪᠤᠬᠤ᠂ ᠪᠠᠷᠭᠠᠢ᠂ ᠮᠣᠩᠭᠤᠯ | ᠰᠢᠳᠡᠷ᠎ᠡ ᠵᠡᠷᠭᠡ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠤ ᠲᠥᠷᠥᠯ ᠵᠦᠢᠯ ᠪᠠ ᠳᠥᠷᠪᠡᠳ ᠬᠤᠰᠢᠭᠤᠨ ᠤ | ᠣᠨᠴᠠᠯᠢᠭᠲᠤ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠤᠯᠠᠮᠵᠢᠯᠠᠯᠲᠤ ᠪᠡᠶ᠎ᠡ ᠲᠠᠮᠢᠷ ᠤᠨ | ᠤᠷᠤᠯᠳᠤᠭᠠᠨ ᠤ ᠲᠥᠷᠥᠯ ᠵᠦᠢᠯ ᠨᠢ ᠳᠥᠷᠪᠡᠳ ᠬᠤᠰᠢᠭᠤᠨ ᠤ ᠣᠨᠴᠠᠭᠠᠢ ᠷᠢᠳᠢ ᠰᠢᠳᠢ ᠶᠢ ᠪᠦᠬᠦ ᠲᠠᠯ᠎ᠠ ᠪᠠᠷ | ᠢᠯᠡᠷᠡᠭᠦᠯᠦᠭᠰᠡᠨ ᠪᠠᠶᠢᠨ᠎ᠠ᠃ᠨᠡᠩ ᠬᠥᠮᠦᠰ ᠤᠨ ᠨᠢᠳᠦ ᠶᠢ ᠬᠤᠵᠢᠷᠯᠠᠬᠤ ᠨᠢ᠂ ᠲᠤᠰ ᠤᠳᠠᠭ᠎ᠠ ᠶᠢᠨ ᠨᠠᠭᠠᠳᠤᠮ ᠨᠢ | ᠵᠢᠭᠤᠯᠴᠢᠳ ᠢ ᠡᠷᠬᠢᠮ ᠳᠡᠭᠡᠳᠦ ᠪᠠᠷ ᠳᠡᠭᠡᠳᠦᠯᠡᠬᠦ ᠵᠠᠷᠴᠢᠮ ᠢ ᠪᠠᠷᠢᠮᠲᠠᠯᠠᠵᠤ᠂ ᠡᠯ᠎ᠡ ᠭᠠᠵᠠᠷᠠ᠋ᠴᠠ ᠬᠦᠷᠦᠯᠴᠡᠨ ᠢᠷᠡᠭᠰᠡᠨ | ᠬᠡᠪᠯᠡᠯ ᠮᠡᠳᠡᠭᠡᠯᠡᠯ ᠤᠨ ᠬᠡᠷᠡᠭᠰᠡᠯ ᠤᠨ ᠬᠢᠨ ᠪᠠ ᠵᠢᠭᠤᠯᠴᠢᠳ ᠢ ᠭᠦᠨ ᠣᠷᠣᠯᠴᠠᠭᠤᠯᠵᠤ᠂ ᠮᠥᠰᠥ ᠴᠠᠰᠤᠨ ᠤ | ᠨᠠᠭᠠᠳᠤᠮ ᠤᠨ ᠢᠳᠡ ᠰᠢᠳᠢ ᠶᠢ ᠭᠦᠨᠵᠡᠭᠡᠢ ᠲᠠᠨᠢᠭᠤᠯᠵᠤ᠂ ᠵᠢᠭᠤᠯᠴᠢᠳ ᠲᠤ᠃ | | | | | | ᠨᠠᠭᠠᠳᠤᠮ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ | ᠪᠣᠯᠤᠨ᠎ᠠ᠂ ᠮᠥᠰᠥ ᠴᠠᠰᠤᠨ ᠤ ᠨᠠᠭᠠᠳᠤᠮ ᠪᠣᠯ ᠬᠠᠷᠢᠨ ᠤᠯᠠᠮᠵᠢᠯᠠᠯᠲᠤ ᠪᠠ ᠣᠳᠣ ᠦᠶ᠎ᠡ ᠶᠢᠨ ᠬᠢ ᠶᠢ ᠤᠶᠠᠯᠳᠤᠭᠤᠯᠵᠤ᠂ | ᠮᠥᠰᠥ ᠴᠠᠰᠤᠨ ᠤ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠪᠠ ᠥᠪᠥᠷ ᠮᠣᠩᠭᠤᠯ ᠤᠨ | ᠮᠥᠰᠥ ᠴᠠᠰᠤᠨ ᠤ ᠵᠤᠭᠠᠴᠠᠯ ᠤᠨ ᠡᠬᠢ ᠪᠠᠶᠠᠯᠢᠭ ᠤᠨ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠬᠦ ᠪᠣᠯᠤᠨ᠎ᠠ᠃ ᠲᠤᠰ | ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠨᠠᠶᠢᠷ ᠨᠢ ᠪᠡᠶ᠎ᠡ ᠲᠠᠮᠢᠷ ᠤᠨ ᠤᠷᠤᠯᠳᠤᠭᠠᠨ ᠤ ᠭᠤᠴᠣ ᠰᠠᠶᠢᠬᠠᠨ | ᠠᠵᠢᠯᠯᠠᠭ᠎ᠠ᠂ ᠣᠯᠠᠨ ᠲᠦᠮᠡᠨ ᠤ ᠡᠯᠪᠡᠭ ᠪᠠᠶᠠᠯᠢᠭ ᠰᠣᠶᠣᠯ ᠪᠠ ᠵᠤᠭ᠎ᠠ ᠴᠡᠩᠭᠡᠯ ᠤᠨ ᠠᠵᠢᠯᠯᠠᠭ᠎ᠠ ᠪᠠᠷ ᠳᠠᠮᠵᠢᠨ᠂ | ᠳᠥᠷᠪᠡᠳ ᠬᠤᠰᠢᠭᠤᠨ ᠤ ᠥᠪᠡᠷᠮᠢᠴᠡ ᠣᠨᠴᠠᠯᠢᠭᠲᠤ ᠮᠥᠰᠥ ᠴᠠᠰᠤᠨ ᠤ ᠡᠬᠢ ᠪᠠᠶᠠᠯᠢᠭ᠂ ᠵᠠᠩ ᠦᠢᠯᠡ ᠶᠢᠨ ᠰᠣᠶᠣᠯ ᠪᠠ | ᠣᠨᠴᠠᠯᠢᠭᠲᠤ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠳᠥᠷᠪᠡᠳ ᠬᠤᠰᠢᠭᠤᠨ ᠤ ᠡᠪᠦᠯ ᠤᠨ ᠤᠯᠠᠷᠢᠯ ᠤᠨ ᠵᠤᠭᠠᠴᠠᠯ ᠤᠨ | 《 ᠬᠥᠭᠵᠢᠶᠡᠨᠲᠡᠢ ᠭᠠᠵᠠᠷ 》 ᠢ ᠪᠠᠶᠢᠭᠤᠯᠵᠤ᠂ 《 ᠬᠦᠢᠲᠡᠨ ᠡᠬᠢ ᠪᠠᠶᠠᠯᠢᠭ 》 ᠢ 《 ᠬᠠᠯᠠᠭᠤᠨ ᠠᠵᠤ ᠦᠢᠯᠡᠰ 》 | ᠪᠣᠯᠭᠠᠨ ᠬᠤᠪᠢᠷᠠᠭᠤᠯᠵᠤ᠂ ᠳᠥᠷᠪᠡᠳ ᠬᠤᠰᠢᠭᠤᠨ ᠤ ᠡᠪᠦᠯ ᠤᠨ ᠤᠯᠠᠷᠢᠯ ᠤᠨ ᠵᠤᠭᠠᠴᠠᠯ ᠢ ᠦᠨᠡᠨᠬᠦ 《 ᠬᠥᠭᠵᠢᠶᠡᠨ ᠲᠠᠢ | ᠂ ᠬᠥᠭᠵᠢᠶᠡᠨᠲᠡᠢ ᠪᠣᠯᠭᠠᠬᠤ 》 ᠪᠣᠯᠤᠨ᠎ᠠ᠃ | ᠣᠶᠢᠷ᠎ᠠ ᠵᠢᠨᠵᠢᠯ ᠠᠴᠠ᠂ ᠳᠥᠷᠪᠡᠳ ᠬᠤᠰᠢᠭᠤ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠨᠡᠷᠡᠲᠦ ᠲᠡᠮᠳᠡᠭ ᠭᠠᠷᠭᠠᠬᠤ ᠲᠠᠯ᠎ᠠ ᠪᠠᠷ ᠦᠷᠭᠦᠯᠵᠢᠯᠡᠨ ᠠᠵᠢᠯ ᠬᠢᠵᠦ᠂ ᠵᠤᠭᠠᠴᠠᠯ ᠤᠨ ᠦᠢᠯᠡᠰ ᠤᠨ ᠪᠡᠯᠡ ᠣᠷᠣᠭᠤᠯᠤᠯᠲᠠ | ᠪᠠᠨ ᠴᠢᠩᠭᠠᠳᠬᠠᠵᠤ᠂ ᠬᠤᠰᠢᠭᠤ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠠᠷᠠᠯᠵᠢᠶᠠᠴᠢᠨ ᠤᠷᠢᠵᠤ ᠪᠡᠯᠡ | ᠲᠠᠲᠠᠬᠤ ᠡᠷᠴᠢᠮ ᠢᠶᠠᠨ ᠴᠢᠩᠭᠠᠷᠠᠭᠤᠯᠬᠤ ᠶᠢ ᠵᠢᠯᠣᠭᠤᠳᠤᠨ ᠳᠡᠮᠵᠢᠵᠦ᠂ ᠪᠦᠬᠦ ᠬᠤᠰᠢᠭᠤᠨ ᠤ ᠵᠤᠭᠠᠴᠠᠯ ᠤᠨ ᠵᠠᠬ᠎ᠠ | ᠳᠡᠯᠭᠡᠭᠦᠷ ᠢ ᠥᠷᠭᠡᠳᠬᠡᠬᠦ ᠪᠠ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠣᠶᠣᠯ | ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠲᠠᠪᠴᠠᠩ ᠬᠠᠩᠭᠠᠵᠤ᠂ ᠵᠤᠭᠠᠴᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ | ᠡᠭᠦᠨ ᠤ ᠬᠠᠮᠲᠤ᠂ ᠲᠡᠦᠬᠡ ᠰᠣᠶᠣᠯ ᠤᠨ ᠨᠠᠷᠢᠨ ᠠᠭᠤᠯᠭ᠎ᠠ᠂ ᠣᠷᠣᠨ ᠪᠦᠰᠡ ᠶᠢᠨ ᠰᠣᠶᠣᠯ ᠤᠨ ᠣᠨᠴᠠᠯᠢᠭ᠂ | ᠦᠨᠳᠦᠰᠦᠲᠡᠨ ᠤ ᠵᠠᠩ ᠵᠠᠩᠰᠢᠯ ᠵᠡᠷᠭᠡ ᠲᠠᠯ᠎ᠠ ᠠᠴᠠ ᠵᠤᠭᠠᠴᠠᠯ᠂ ᠰᠣᠶᠣᠯ᠂ ᠦᠢᠯᠡᠳᠬᠦᠨ ᠤ ᠠᠭᠤᠰᠤᠯᠴᠠᠯ ᠤᠨ | ᠬᠡᠮᠵᠢᠶ᠎ᠡ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠳᠥᠷᠪᠡᠳ ᠬᠤᠰᠢᠭᠤᠨ ᠤ ᠣᠨᠴᠠ ᠪᠠᠶᠢᠳᠠᠭ ᠰᠢᠳᠢᠲᠦ ᠵᠠᠪᠢ᠂ ᠴᠠᠩ | ᠧ ᠵᠡᠷᠭᠡ ᠰᠠᠨᠰᠠᠷ ᠤᠨ ᠡᠯᠧᠮᠧᠨᠲ ᠢ ᠭᠦᠢᠴᠡᠳ ᠠᠭᠤᠳᠠᠯᠤᠨ ᠭᠠᠷᠭᠠᠵᠤ᠂ 《 ᠥᠯᠵᠡᠶᠢᠲᠦ ᠲᠠᠯ᠎ᠠ ᠨᠤᠲᠤᠭ᠂ | ᠬᠤᠪᠢᠯᠭᠠᠨ ᠣᠩᠭᠤᠴᠠᠨ ᠤ ᠭᠡᠷ ᠣᠷᠣᠨ 》 ᠤ ᠵᠤᠭᠠᠴᠠᠯ ᠤᠨ ᠨᠡᠷᠡᠲᠦ ᠲᠡᠮᠳᠡᠭ ᠤᠨ ᠠᠭᠤᠯᠤᠭᠳᠠᠬᠤᠨ ᠢ ᠲᠠᠰᠤᠷᠠᠯᠲᠠ | ᠦᠭᠡᠢ ᠪᠠᠶᠠᠯᠢᠭᠵᠢᠭᠤᠯᠵᠤ᠂ ᠳᠥᠷᠪᠡᠳ ᠬᠤᠰᠢᠭᠤᠨ ᠤ ᠵᠤᠭᠠᠴᠠᠯ ᠤᠨ ᠳᠦᠷᠢ ᠲᠥᠷᠬᠦ ᠶᠢᠨ ᠣᠷᠣᠨ ᠪᠠᠶᠢᠷᠢ ᠲᠣᠭᠲᠠᠭᠠᠬᠤ | ᠪᠠ ᠢᠯᠭᠠᠬᠤ ᠲᠡᠮᠳᠡᠭ ᠢ ᠤᠯᠠᠮ ᠨᠢᠭᠡ ᠠᠯᠬᠤᠮ ᠳᠡᠰ ᠳᠡᠪᠰᠢᠭᠦᠯᠬᠦ ᠬᠡᠷᠡᠭᠲᠡᠢ᠃ | 2025 ᠣᠨ ᠳᠤ᠂ ᠳᠥᠷᠪᠡᠳ ᠬᠤᠰᠢᠭᠤ ᠬᠡᠬᠡᠨᠳᠠᠯ᠎ᠠ ᠶᠢᠨ ᠦᠵᠡᠮᠵᠢ ᠶᠢᠨ ᠣᠷᠣᠨ ᠢ ᠲᠡᠰ ᠳᠡᠪᠰᠢᠭᠦᠯᠬᠦ ᠪᠠᠷ | ᠭᠤᠣᠯᠳᠠᠯᠭ᠎ᠠ ᠪᠣᠯᠭᠠᠵᠤ᠂ ᠬᠤᠩ ᠶᠠ ᠲᠠᠶᠢᠭᠠᠵᠠᠷ ᠢ ᠤᠯᠠᠭᠠᠨᠴᠠᠪ ᠬᠤᠲᠠ ᠶᠢᠨ ᠵᠤᠭᠠᠴᠠᠯ ᠤᠨ ᠰᠢᠨ᠎ᠡ 《 ᠳᠡᠯᠪᠡᠴᠢᠬᠦ ᠴᠠᠭ | 》 ᠪᠣᠯᠭᠠᠨ ᠪᠠᠶᠢᠭᠤᠯᠵᠤ᠂ ᠤᠯᠠᠭᠠᠨᠴᠠᠪ ᠤᠨ ᠮᠥᠰᠥ ᠴᠠᠰᠤᠨ ᠤ ᠨᠠᠭᠠᠳᠤᠮ᠂ 14 ᠳ᠋ᠦ᠋ᠭᠡᠷ ᠬᠤᠭᠤᠴᠠᠭᠠᠨ ᠤ ᠨᠠᠭᠠᠳᠤᠮ᠂ | ᠬᠤᠨᠢᠨ ᠼᠢᠷᠺ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠲᠥᠰᠥᠪᠯᠡᠨ ᠥᠷᠨᠢᠭᠦᠯᠵᠦ᠂ ᠰᠣᠶᠣᠯ ᠵᠤᠭᠠᠴᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠯ ᠤᠨ ᠳᠣᠲᠣᠷ᠎ᠠ ᠵᠤᠭᠠᠴᠠᠭᠰᠠᠳ ᠢ 240 ᠲᠦᠮᠡᠨ ᠬᠥᠮᠦᠨ | ᠤᠳᠠᠭ᠎ᠠ ᠬᠦᠯᠢᠶᠡᠨ ᠠᠪᠴᠤ᠂ ᠶᠡᠷᠦᠩᠬᠡᠢ ᠣᠷᠣᠯᠭ᠎ᠠ ᠶᠢ 21 ᠳ᠋ᠦ᠋ᠩᠰᠢᠭᠤᠷ ᠲᠥᠭᠦᠷᠢᠭ ᠢ ᠳᠠᠪᠠᠭᠤᠯᠵᠤ᠂ 5 ᠲᠦᠮᠡᠨ | ᠬᠥᠮᠦᠨ ᠤ ᠣᠷᠣᠯᠭ᠎ᠠ ᠶᠢ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢ ᠨᠥᠯᠥᠭᠡᠯᠡᠨ ᠳᠠᠶᠢᠴᠢᠯᠠᠨ᠎ᠠ᠃ | ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠢᠩᠬᠢᠮ ᠲᠣᠪᠴᠢᠶᠠᠨ ᠤ ᠤᠳᠤᠷᠢᠳᠤᠯᠭ᠎ᠠ᠂ ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ | ᠰᠢᠨᠵᠢᠯᠡᠬᠦ ᠤᠬᠠᠭᠠᠨ ᠤ ᠲᠣᠪᠴᠢᠶᠠᠨ ᠤ ᠤᠳᠤᠷᠢᠳᠤᠯᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠡᠷᠢᠶᠡᠨ | ᠬᠤᠲᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ᠂ ᠠᠬ᠎ᠠ ᠳᠡᠭᠦᠦ ᠬᠤᠰᠢᠭᠤ ᠰᠢᠶᠠᠨ ᠤ ᠬᠤᠯᠪᠣᠭᠳᠠᠯ ᠪᠦᠬᠦᠢ | ᠤᠳᠤᠷᠢᠳᠤᠯᠭ᠎ᠠ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠨᠢ | ᠭᠡᠷ ᠲᠡᠭᠡᠨ ᠪᠠᠶᠢᠬᠤ ᠪᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |