ᠭᠠᠯ ᠰᠡᠷᠭᠡᠶᠢᠯᠡᠬᠦ ᠤᠬᠠᠭᠤᠯᠭ᠎ᠠ ᠶᠢ ᠥᠷᠭᠡᠨ ᠳᠡᠯᠭᠡᠷ ᠦᠷᠨᠢᠭᠦᠯᠦᠭᠰᠡᠨ
ᠨᠡᠶᠢᠲᠡᠯᠡᠭᠰᠡᠨ ᠴᠠᠭ᠄
2025/1/2
      ᠭᠠᠯ ᠰᠡᠷᠭᠡᠶᠢᠯᠡᠬᠦ ᠤᠬᠠᠭᠤᠯᠭ᠎ᠠ ᠶᠢ ᠥᠷᠭᠡᠨ ᠳᠡᠯᠭᠡᠷ ᠦᠷᠨᠢᠭᠦᠯᠦᠭᠰᠡᠨ              ᠤᠶᠢᠷ᠎ᠠ ᠳᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠶᠡᠭᠡ ᠠᠩᠭᠢ ᠬᠠᠷᠢᠶ᠎ᠠ ᠣᠷᠣᠨ ᠤ ᠳᠡᠯᠭᠡᠭᠦᠷ ᠬᠤᠳᠠᠯᠳᠤᠭ᠎ᠠ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠭᠠᠵᠠᠷ ᠲᠤ ᠭᠠᠯ ᠰᠡᠷᠭᠡᠶᠢᠯᠡᠬᠦ ᠲᠤᠬᠠᠢ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃       ᠤᠬᠠᠭᠤᠯᠭ᠎ᠠ ᠶᠢᠨ ᠠᠵᠢᠯᠲᠠᠨ ᠠᠴᠠ᠂ ᠣᠯᠠᠨ ᠲᠦᠮᠡᠨ ᠳᠤ ᠭᠠᠯ ᠰᠡᠷᠭᠡᠶᠢᠯᠡᠬᠦ ᠭᠠᠷ ᠳᠡᠪᠲᠡᠷ ᠲᠡᠷᠬᠠᠭᠠᠬᠤ ᠶᠢᠨ ᠬᠠᠮᠲᠤ ᠦᠷᠭᠦᠯᠵᠢ ᠲᠣᠬᠢᠶᠠᠯᠳᠤᠳᠠᠭ ᠭᠠᠯ ᠤᠨ ᠠᠶᠤᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠴᠢᠬᠤᠯᠠ ᠵᠦᠢᠯ᠂ ᠭᠠᠯ ᠤᠨᠲᠠᠷᠠᠭᠠᠬᠤ ᠠᠷᠭ᠎ᠠ ᠵᠢᠴᠢ ᠠᠮᠢ ᠵᠢᠭᠤᠲᠠᠨ ᠥᠪᠡᠷ ᠢ ᠪᠠᠨ ᠠᠪᠤᠷᠠᠬᠤ ᠠᠷᠭ᠎ᠠ ᠮᠡᠷᠭᠡᠵᠢᠯ ᠢ ᠠᠮᠢᠳᠤᠯᠢᠭ ᠢᠶᠠᠷ ᠲᠠᠶᠢᠯᠪᠤᠷᠢᠯᠠᠨ᠂ ᠣᠯᠠᠨ ᠲᠦᠮᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠵᠤ ᠠᠶᠤᠯ ᠠᠴᠠ ᠰᠡᠷᠭᠡᠶᠢᠯᠡᠬᠦ《ᠭᠠᠯ ᠰᠡᠷᠭᠡᠶᠢᠯᠡᠬᠦ ᠬᠡᠷᠡᠮ》 ᠢ ᠪᠠᠲᠤ ᠪᠠᠬᠢ ᠴᠣᠭᠴᠠᠯᠠᠬᠤ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠪᠠᠷ ᠵᠣᠷᠢᠯᠲᠠ ᠪᠤᠯᠭᠠᠭᠰᠠᠨ ᠪᠠᠶᠢᠨ᠎ᠠ᠃       ᠳᠠᠷᠠᠭ᠎ᠠ ᠠᠯᠬᠤᠮ ᠳᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠶᠡᠭᠡ ᠠᠩᠭᠢ ᠨᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠥᠷᠭᠡᠨ ᠣᠯᠠᠨ ᠠᠷᠠᠳ ᠲᠦᠮᠡᠨ ᠤ  ᠪᠠᠶᠠᠷ ᠴᠡᠩᠭᠡᠯ᠂ ᠥᠯᠵᠡᠢ ᠪᠡᠯᠭᠡ ᠲᠠᠢ᠂ ᠠᠮᠤᠷ ᠲᠠᠶᠢᠪᠤᠩ ᠰᠢᠨ᠎ᠡ ᠵᠢᠯ ᠤᠨ ᠪᠠᠶᠠᠷ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠪᠣᠯᠤᠨ᠎ᠠ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ   ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2