ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/2
      ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ           12 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ  ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠰᠦᠳᠦᠭᠡᠷ ᠤᠳᠠᠭ᠎ᠠ ᠶᠢᠨ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠬᠡᠯᠡᠭᠰᠡᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ 
1.2+1.jpg
       ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠪᠣᠳᠠᠲᠠᠢ ᠠᠳᠬᠤᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ ᠂ ᠭᠦᠨᠵᠡᠭᠡᠢ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ᠂ 《 ᠵᠢᠷᠭᠤᠭᠠᠨ ᠠᠵᠢᠯᠯᠠᠭ᠎ᠠ 》 ᠶᠢ ᠵᠣᠬᠢᠶᠠᠨ ᠪᠠᠶᠢᠭᠤᠯᠤᠨ ᠥᠷᠨᠢᠭᠦᠯᠵᠦ᠂ 《 ᠲᠥᠷᠥᠯ ᠵᠦᠢᠯ ᠢ ᠸᠠᠩ ᠪᠣᠯᠭᠠᠬᠤ 》 ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠵᠢᠯ ᠬᠢᠵᠦ ᠠᠳᠠᠯ ᠦᠢᠯᠡᠰ ᠪᠣᠰᠬᠠᠬᠤ ᠶᠡᠬᠡᠪᠡᠷ ᠠᠳᠬᠤᠬᠤ ᠲᠥᠷᠥᠯ ᠵᠦᠢᠯ ᠢ ᠠᠳᠬᠤᠬᠤ ᠵᠣᠷᠢᠭ ᠰᠠᠨᠠᠭ᠎ᠠ ᠶᠢ ᠭᠦᠢᠴᠡᠳ ᠪᠣᠢ ᠪᠣᠯᠭᠠᠵᠤ᠂ ᠶᠠᠭᠤᠨ ᠤ ᠡᠮᠦᠨ᠎ᠡ ᠲᠥᠷᠥᠯ ᠵᠦᠢᠯ ᠰᠦᠪᠡᠭᠴᠢᠯᠡᠬᠦ᠂ ᠠᠵᠤ ᠠᠬᠤᠢ ᠶᠢᠨ ᠵᠠᠩᠭᠢᠯᠠᠭ᠎ᠠ ᠨᠢ ᠲᠥᠷᠥᠯ ᠵᠦᠢᠯ ᠢ ᠠᠳᠬᠤᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠥᠷᠨᠢᠯᠲᠡ ᠶᠢ ᠥᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠭᠦᠨ ᠤᠬᠠᠭᠠᠯᠠᠨ ᠨᠠᠷᠢᠯᠢᠭ ᠪᠣᠳᠠᠲᠠᠢ ᠠᠷᠭ᠎ᠠ ᠰᠦᠪᠡᠭᠴᠢᠯᠡᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠯᠳᠣᠭᠤᠯᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠪᠠᠨ ᠴᠢᠩᠭᠠᠳᠬᠠᠵᠤ᠂ ᠵᠠᠭᠤᠴᠢᠯᠠᠭᠤᠷ ᠤᠨ ᠳᠠᠪᠠᠭᠤᠯᠢᠭ ᠢᠶᠠᠨ ᠪᠠᠳᠠᠷᠠᠭᠤᠯᠤᠨ᠂ ᠨᠡᠶᠢᠭᠡᠮ ᠤᠨ ᠲᠥᠪ ᠰᠤᠷᠲᠠᠯ ᠢ ᠮᠠᠨᠳᠤᠭᠤᠯᠵᠤ᠂ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠤᠳᠤᠷᠢᠳᠬᠤ ᠡᠷᠬᠡ ᠶᠢ ᠪᠠᠲᠤ ᠡᠵᠡᠮᠰᠢᠬᠦ ᠬᠡᠷᠡᠭᠲᠡᠢ᠃ ᠲᠥᠪ ᠰᠢᠨ᠎ᠡ ᠶᠢ ᠡᠭᠦᠳᠬᠦ ᠶᠢ ᠪᠠᠷᠢᠮᠲᠠᠯᠠᠵᠤ ᠦᠵᠡᠯ ᠰᠠᠨᠠᠭ᠎ᠠ ᠵᠠᠰᠠᠭ ᠤᠨ ᠬᠢᠴᠢᠶᠡᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠬᠡᠯᠪᠡᠷᠢ ᠶᠢᠨ ᠬᠥᠭᠵᠢᠯᠲᠡ ᠶᠢ ᠠᠬᠢᠭᠤᠯᠤᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠵᠡᠷᠭᠡ ᠪᠠᠷ ᠠᠳᠬᠤᠬᠤ᠂ ᠪᠠᠭᠰᠢ ᠰᠤᠷᠤᠭᠴᠢ ᠬᠠᠷᠢᠯᠴᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ᠋‌‍ᠡᠴᠡ ᠭᠠᠳᠠᠭᠤᠷ ᠠᠭᠤᠰᠤᠯᠴᠠᠬᠤ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠰᠢᠨ᠎ᠡ ᠪᠠᠶᠢᠳᠠᠯ ᠢ ᠬᠦᠴᠦᠯᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ᠠᠶᠤᠯ ᠦᠭᠡᠢ ᠦᠢᠯᠡᠳᠪᠦᠷᠢᠯᠡᠯ ᠤᠨ ᠡᠨᠡᠬᠦ ᠤᠲᠠᠰᠤ ᠶᠢ ᠴᠠᠭ ᠢᠮᠠᠭᠲᠠ ᠴᠢᠩᠭᠠᠯᠠᠵᠤ᠂ 《 ᠴᠠᠭ ᠢᠮᠠᠭᠲᠠ ᠰᠡᠳᠬᠢᠯ ᠠᠮᠤᠷ ᠪᠠᠶᠢᠯᠭᠠᠬᠤ ᠦᠭᠡᠢ 》 ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃
1.2+2.jpg
       ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠣᠷᠣᠯᠴᠠᠵᠤ᠂ ᠬᠡᠰᠡᠭ ᠬᠤᠰᠢᠭᠤ ᠬᠤᠰᠢᠭᠤ ᠤᠳᠤᠷᠢᠳᠤᠯᠭ᠎ᠠ ᠪᠣᠯᠤᠨ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2