ᠳᠥᠷᠪᠡᠳ ᠬᠤᠰᠢᠭᠤᠨ ᠤ 2025 ᠣᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ  ᠵᠤᠭᠠᠴᠠᠭᠰᠠᠳ ᠤᠨ ᠨᠠᠭᠠᠳᠤᠮ ᠤᠨ ᠪᠡᠯᠡᠳᠬᠡᠯ ᠠᠵᠢᠯ  ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/1/6
      ᠳᠥᠷᠪᠡᠳ ᠬᠤᠰᠢᠭᠤᠨ ᠤ 2025 ᠣᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ  ᠵᠤᠭᠠᠴᠠᠭᠰᠠᠳ ᠤᠨ ᠨᠠᠭᠠᠳᠤᠮ ᠤᠨ ᠪᠡᠯᠡᠳᠬᠡᠯ ᠠᠵᠢᠯ   ᠰᠠᠶᠢᠬᠠᠨ ᠶᠠᠪᠤᠭᠳᠠᠵᠤ ᠪᠠᠶᠢᠨ᠎ᠠ       ᠣᠶᠢᠷ᠎ᠠ ᠳᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠶᠠᠳᠤᠭᠠᠷ ᠬᠤᠭᠤᠴᠠᠭᠠᠨ ᠤ ᠴᠠᠰᠤ ᠮᠥᠰᠥᠨ ᠤ ᠵᠤᠭᠠᠴᠠᠭᠰᠠᠳ ᠤᠨ ᠨᠠᠭᠠᠳᠤᠮ ᠤᠨ ᠪᠡᠯᠡᠳᠬᠡᠯ ᠠᠵᠢᠯ ᠶᠠᠭ ᠶᠠᠭᠠᠷᠠᠯᠲᠠᠢ ᠶᠠᠪᠤᠭᠳᠠᠵᠤ᠂ ᠡᠯ᠎ᠡ ᠲᠥᠷᠥᠯ ᠤᠨ ᠠᠵᠢᠯ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃
2025.1.6+1.jpeg
       ᠤᠯᠠᠭᠠᠨᠬᠤᠸᠠ ᠪᠠᠯᠭᠠᠰᠤᠨ ᠤ ᠠᠮᠤᠭᠤᠯᠠᠩ ᠨᠠᠭᠤᠷ ᠤᠨ ᠵᠡᠭᠦᠨ ᠬᠥᠪᠡᠭᠡᠨ ᠳᠤ ᠭᠤᠣᠯᠯᠠᠨ ᠬᠤᠷᠠᠯ ᠤᠨ ᠲᠠᠯᠠᠪᠠᠢ ᠳᠤ ᠠᠵᠢᠯᠯᠠᠵᠤ ᠪᠠᠶᠢᠭ᠎ᠠ ᠬᠥᠮᠦᠰ ᠪᠠᠷᠢᠯᠭ᠎ᠠ ᠪᠠᠷᠢᠵᠤ ᠲᠣᠨᠤᠭ ᠲᠥᠬᠦᠭᠡᠷᠦᠮᠵᠢ ᠪᠠᠨ ᠲᠡᠭᠦᠯᠳᠡᠷᠵᠢᠭᠦᠯᠵᠦ ᠪᠠᠶᠢᠨ᠎ᠠ᠃ ᠭᠤᠣᠯ ᠪᠥᠵᠢᠭ ᠤᠨ ᠲᠠᠪᠴᠠᠩ᠂ ᠲᠣᠭᠯᠠᠯᠲᠠ ᠶᠢᠨ ᠲᠣᠭᠤᠷᠢᠭ᠂ ᠠᠷᠠᠳ ᠲᠤ ᠳᠥᠭᠦᠮ ᠦᠵᠡᠭᠦᠯᠬᠦ ᠲᠥᠬᠦᠭᠡᠷᠦᠮᠵᠢ᠂ ᠲᠣᠮᠣ ᠬᠡᠯᠪᠡᠷᠢ ᠶᠢᠨ ᠮᠥᠰᠥ ᠴᠠᠰᠤᠨ ᠱᠤᠭᠤᠮᠠᠯ ᠵᠡᠷᠭᠡ ᠶᠢ ᠪᠠᠴᠢᠮ ᠶᠠᠭᠠᠷᠠᠤ ᠵᠠᠰᠠᠵᠤ᠂ ᠲᠤᠬᠠᠢ ᠶᠢᠨ ᠦᠶ᠎ᠡ ᠳᠤ ᠵᠤᠭᠠᠴᠠᠭᠰᠠᠳ ᠪᠣᠯᠤᠨ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠦᠪᠡᠳᠡᠭᠰᠢ ᠶᠡᠭᠡ ᠮᠥᠰᠥ ᠴᠠᠰᠤᠨ ᠤ ᠨᠠᠶᠢᠷ ᠠᠪᠴᠢᠷᠠᠵᠤ ᠥᠭᠭᠦᠨ᠎ᠡ᠃       ᠳᠥᠷᠪᠡᠳ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶᠠᠨ ᠤ ᠳᠡᠳ᠋ ᠳᠠᠷᠤᠭ᠎ᠠ ᠠᠷᠢᠭᠤᠨ ᠬᠠᠰ᠄ 《 ᠪᠢᠳᠡ 12 ᠰᠠᠷ᠎ᠠ ᠶᠢᠨ 20 ᠤ ᠡᠳᠦᠷ ᠠᠴᠠ ᠡᠬᠢᠯᠡᠨ ᠴᠠᠰᠤ ᠵᠣᠬᠢᠶᠠᠵᠤ᠂ ᠣᠳᠣ ᠠᠵᠢᠯᠴᠢᠨ ᠨᠠᠷ ᠰᠡᠶᠢᠯᠦᠮᠡᠯ ᠳᠤ ᠣᠷᠣᠬᠤ ᠪᠣᠯᠪᠠ᠃ ᠮᠠᠨ ᠤ ᠡᠨᠡ ᠵᠢᠯ ᠤᠨ ᠠᠵᠢᠯ ᠤᠨ ᠪᠠᠶᠢᠳᠠᠯ ᠣᠯᠠᠨ᠂ ᠬᠡᠪᠴᠢᠶ᠎ᠡ ᠶᠡᠭᠡ᠂ ᠭᠤᠣᠯ ᠴᠠᠰᠤᠨ ᠱᠤᠭᠤᠮᠠᠯ ᠤᠨ ᠥᠷᠭᠡᠨ  ᠨᠢ 60 ᠮᠧᠳ᠋ᠷ ᠥᠨᠳᠥᠷ᠂ ᠪᠠᠰᠠ ᠰᠦᠯᠵᠢᠶᠡᠨ ᠤ ᠤᠯᠠᠭᠠᠨ ᠴᠠᠰᠤᠨ ᠱᠤᠭᠤᠮᠠᠯ ᠤᠨ ᠳᠦᠷᠰᠦ ᠬᠤᠪᠢᠷᠠᠭᠰᠠᠨ ᠮᠠᠬᠠᠷᠠᠨᠽᠠ ᠬᠢᠭᠡᠳ ᠰᠢᠳᠢᠲᠦ ᠦᠯᠢᠭᠡᠷ ᠤᠨ ᠪᠡᠴᠢᠨ ᠦᠭᠡ ᠵᠡᠷᠭᠡ ᠪᠠᠶᠢᠨ᠎ᠠ᠃ ᠴᠡᠩᠭᠡᠯᠳᠦᠬᠦ ᠲᠥᠬᠦᠭᠡᠷᠦᠮᠵᠢ ᠨᠢ ᠴᠦ ᠰᠢᠨ᠎ᠡ ᠴᠠᠰᠤᠲᠤ ᠶᠢᠨ ᠮᠣᠲ᠋ᠣᠷ᠂ ᠴᠠᠰᠤᠨ ᠭᠠᠵᠠᠷ᠂ ᠰᠢᠷ᠎ᠠ ᠨᠤᠭᠤᠰᠤ᠂ ᠴᠠᠰᠤᠨ ᠳᠤ ᠮᠥᠷᠭᠦᠯᠳᠦᠬᠦ ᠲᠡᠷᠭᠡ ᠵᠡᠷᠭᠡ ᠰᠣᠨᠢᠷᠬᠠᠯᠲᠠᠢ ᠲᠥᠷᠥᠯ ᠵᠦᠢᠯ ᠢ ᠨᠡᠮᠡᠵᠡᠢ᠃
2025.1.6+2.jpeg 
       2025 ᠣᠨ ᠤ ᠮᠥᠰᠥ ᠴᠠᠰᠤᠨ ᠤ ᠳᠠᠷᠠᠭᠠᠬᠢ ᠬᠤᠶᠠᠳᠠᠬᠢ ᠤᠳᠠᠭ᠎ᠠ ᠶᠢᠨ ᠨᠠᠭᠠᠳᠤᠮ ᠤᠨ ᠬᠤᠷᠠᠯ ᠢ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠠᠴᠠ ᠭᠤᠣᠯᠯᠠᠨ ᠡᠷᠬᠢᠯᠡᠵᠦ᠂ ᠳᠥᠷᠪᠡᠳ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ᠂ ᠳᠥᠷᠪᠡᠳ ᠬᠤᠰᠢᠭᠤᠨ ᠤ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠬᠠᠮᠲᠤᠪᠠᠷ ᠳᠠᠭᠠᠭᠠᠴᠢᠯᠠᠨ ᠡᠷᠬᠢᠯᠡᠪᠡ᠃ ᠲᠤᠰ ᠤᠳᠠᠭ᠎ᠠ ᠶᠢᠨ ᠮᠥᠰᠥ ᠴᠠᠰᠤᠨ ᠤ ᠨᠠᠭᠠᠳᠤᠮ ᠤᠨ ᠨᠠᠭᠠᠳᠤᠮ ᠤᠨ ᠠᠭᠤᠯᠭ᠎ᠠ ᠨᠢ ᠡᠯᠪᠡᠭ ᠪᠠᠶᠠᠯᠢᠭ᠂ ᠴᠠᠰᠤᠨ ᠳᠤ ᠭᠤᠣᠯ ᠲᠡᠰᠢᠬᠦ ᠤᠷᠤᠯᠳᠤᠭᠠᠨ᠂ ᠴᠠᠰᠤᠨ ᠳᠤ ᠭᠤᠯᠵᠢᠴᠢ ᠵᠢᠭᠠᠰᠤ᠂ ᠴᠠᠰᠤᠨ ᠳᠤ ᠬᠤᠴᠢᠭᠳᠠᠭᠰᠠᠨ ᠲᠣᠮᠣ ᠰᠢᠷ᠎ᠠ ᠨᠤᠭᠤᠰᠤ᠂ ᠴᠠ ᠪᠤᠭᠤ ᠮᠥᠯᠬᠦᠬᠦ ᠤᠷᠤᠯᠳᠤᠭᠠᠨ᠂ ᠬᠡᠦᠬᠡᠳ ᠤᠨ ᠴᠠᠰᠤᠨ ᠳᠤ ᠭᠤᠯᠭᠤᠬᠤ ᠱᠠᠲᠤ ᠵᠡᠷᠭᠡ ᠡᠲᠡᠭᠡᠳ ᠰᠣᠨᠢᠨ ᠭᠠᠶᠢᠬᠠᠮᠰᠢᠭᠲᠤ ᠮᠥᠰᠥ ᠴᠠᠰᠤᠨ ᠤ ᠨᠠᠭᠠᠳᠤᠮ ᠨᠢ ᠵᠢᠭᠤᠯᠴᠢᠳ ᠲᠤ ᠴᠠᠰᠤ ᠮᠥᠰᠥᠨ ᠤ ᠲᠦᠢᠯ ᠤᠨ ᠲᠦᠷᠭᠡᠨ 《 ᠲᠣᠭᠰᠢᠨ ᠰᠢᠭᠤᠷᠭ᠎ᠠ 》 ᠤ ᠰᠡᠲᠡᠯᠲᠡ ᠶᠢᠨ ᠤᠷᠮ᠎ᠠ ᠪᠠᠬ᠎ᠠ ᠪᠣᠯᠤᠨ ᠴᠡᠴᠡᠭ ᠤᠨ ᠬᠡᠯᠪᠡᠷᠢ ᠶᠢᠨ ᠴᠠᠰᠤ ᠣᠷᠣᠯᠳᠣᠬᠤ ᠥᠪᠡᠷᠮᠢᠴᠡ ᠬᠠᠪᠤ ᠴᠡᠩᠭᠡᠯ ᠢ ᠡᠳ᠋ᠯᠡᠭᠦᠯᠵᠦ ᠪᠠᠶᠢᠨ᠎ᠠ᠃ ᠡᠭᠦᠨ ᠤ ᠬᠠᠮᠲᠤ ᠪᠠᠰᠠ ᠬᠥᠭᠡᠷᠦᠬᠦᠨ ᠪᠦᠪᠡᠢ᠂ ᠣᠷᠣᠨ ᠵᠠᠢ ᠶᠢᠨ ᠨᠦᠬᠡᠨ ᠵᠠᠮ᠂ ᠰᠣᠶᠣᠯ ᠵᠣᠬᠢᠶᠠᠨ ᠪᠦᠲᠦᠭᠡᠬᠦ ᠲᠥᠪ᠂ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠳᠠᠷᠤᠵᠤ ᠺᠠᠷᠲ ᠴᠣᠬᠢᠬᠤ᠂ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠤ ᠲᠣᠭᠤᠷᠢᠭ᠂ ᠵᠢᠯ ᠤᠨ ᠪᠠᠷᠠᠭ᠎ᠠ ᠶᠢᠨ ᠲᠣᠭᠤᠷᠢᠭ ᠵᠡᠷᠭᠡ ᠪᠣᠢ᠂ ᠥᠷᠭᠡᠨ ᠣᠯᠠᠨ ᠲᠦᠮᠡᠨ ᠳᠤ ᠡᠯᠪᠡᠭ ᠪᠠᠶᠠᠯᠢᠭ ᠮᠥᠰᠥ ᠴᠠᠰᠤᠨ ᠤ ᠰᠣᠶᠣᠯ ᠤᠨ ᠬᠦᠷᠲᠡᠭᠡᠮᠵᠢ ᠬᠠᠩᠭᠠᠵᠠᠢ᠃        ᠨᠠᠭᠠᠳᠤᠮ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠤᠨ᠎ᠠ᠂ ᠮᠥᠰᠥ ᠴᠠᠰᠤᠨ ᠤ ᠨᠠᠭᠠᠳᠤᠮ ᠪᠣᠯ ᠬᠠᠷᠢᠨ ᠤᠯᠠᠮᠵᠢᠯᠠᠯᠲᠤ ᠪᠠ ᠣᠳᠣ ᠦᠶ᠎ᠡ ᠶᠢᠨ ᠬᠢ ᠶᠢ ᠤᠶᠠᠯᠳᠤᠭᠤᠯᠵᠤ᠂ ᠮᠥᠰᠥ ᠴᠠᠰᠤᠨ ᠤ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ ᠮᠣᠩᠭᠤᠯ ᠦᠨᠳᠦᠰᠦᠲᠡᠨ ᠤ ᠰᠣᠶᠣᠯ ᠪᠠ ᠥᠪᠥᠷ ᠮᠣᠩᠭᠤᠯ ᠤᠨ ᠮᠥᠰᠥ ᠴᠠᠰᠤᠨ ᠤ ᠵᠤᠭᠠᠴᠠᠯ ᠤᠨ ᠡᠬᠢ ᠪᠠᠶᠠᠯᠢᠭ ᠤᠨ ᠦᠪᠡᠳᠡᠭᠰᠢ ᠴᠤᠭᠯᠠᠭᠠᠨ ᠢ ᠡᠷᠬᠢᠯᠡᠵᠦ ᠪᠠᠶᠢᠭ᠎ᠠ ᠶᠠᠪᠤᠳᠠᠯ ᠪᠣᠯᠤᠨ᠎ᠠ᠃ᠴᠠᠰᠤ ᠮᠥᠰᠥᠨ ᠤ ᠨᠠᠭᠠᠳᠤᠮ ᠤᠨ ᠬᠤᠭᠤᠴᠠᠭᠠᠨ ᠳᠤ᠂ ᠵᠢᠭᠤᠯᠴᠢᠳ ᠮᠥᠰᠥ ᠴᠠᠰᠤᠨ ᠤ ᠤᠷᠤᠯᠳᠤᠭᠠᠨ ᠤ ᠭᠤᠴᠣ ᠰᠠᠶᠢᠬᠠᠨ ᠦᠵᠡᠭᠳᠡᠯ ᠢ ᠰᠣᠨᠢᠷᠬᠠᠬᠤ ᠲᠡᠳᠦᠢ ᠦᠭᠡᠢ᠂ ᠮᠥᠨ ᠴᠠᠰᠤ ᠮᠥᠰᠥᠨ ᠤ ᠨᠠᠭᠠᠳᠤᠮ ᠤᠨ ᠥᠪᠡᠷᠮᠢᠴᠡ ᠲᠠᠲᠠᠬᠤ ᠬᠦᠴᠦᠨ ᠢ ᠰᠣᠨᠢᠷᠬᠠᠵᠤ ᠪᠣᠯᠤᠨ᠎ᠠ ᠭᠡᠳᠡᠭ ᠲᠤ ᠢᠲᠡᠭᠡᠯ ᠲᠠᠢ ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2