ᠪᠦᠬᠦ ᠬᠦᠴᠦ ᠪᠠᠷ ᠢᠶᠠᠨ ᠵᠢᠯ ᠤᠨ《ᠰᠢᠪᠳᠤᠷᠭᠠᠨ》 ᠤ ᠠᠵᠢᠯ ᠢᠶᠠᠨ ᠰᠠᠶᠢᠨ ᠬᠢᠵᠦ ᠪᠤᠢ
ᠨᠡᠶᠢᠲᠡᠯᠡᠭᠰᠡᠨ ᠴᠠᠭ᠄
2025/1/8
      ᠪᠦᠬᠦ ᠬᠦᠴᠦ ᠪᠠᠷ ᠢᠶᠠᠨ ᠵᠢᠯ ᠤᠨ《ᠰᠢᠪᠳᠤᠷᠭᠠᠨ》 ᠤ ᠠᠵᠢᠯ ᠢᠶᠠᠨ ᠰᠠᠶᠢᠨ ᠬᠢᠵᠦ ᠪᠤᠢ                ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ ᠳᠠᠰᠢᠷᠠᠮ᠂ ᠵᠢᠯ ᠴᠠᠭᠠᠨ ᠰᠠᠷ᠎ᠠ ᠶᠢᠨ ᠡᠳ᠋ ᠪᠠᠷᠠᠭᠠᠨ ᠤ ᠪᠣᠷᠣᠯᠠᠭᠤᠯᠭ᠎ᠠ ᠳᠡᠭᠡᠭᠰᠢᠯᠡᠬᠦ ᠶᠢ ᠳᠠᠭᠠᠯᠳᠤᠨ᠂ ᠨᠠᠷᠠᠨ ᠬᠤᠸᠠᠷ ᠤᠨ ᠦᠷ᠎ᠡ ᠨᠢ ᠤᠯᠠᠮᠵᠢᠯᠠᠯᠲᠤ ᠵᠢᠯ ᠤᠨ ᠪᠠᠷᠠᠭ᠎ᠠ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠡᠬᠡᠪᠡᠷ ᠳᠡᠭᠡᠭᠰᠢᠯᠡᠭᠰᠡᠨ ᠪᠠᠶᠢᠨ᠎ᠠ᠃      ᠣᠶᠢᠷ᠎ᠠ ᠶᠢᠨ ᠡᠳᠦᠷ᠂ ᠵᠢᠩ ᠰᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠦᠬᠦ ᠵᠢᠯ ᠤᠨ ᠭᠠᠷᠳᠠᠨ ᠬᠢᠬᠦ ᠠᠵᠢᠯ ᠳᠠᠭᠠᠨ ᠶᠠᠭᠠᠷᠠᠵᠤ᠂ ᠵᠠᠬᠢᠶᠠᠯᠠᠭ᠎ᠠ ᠶᠢᠨ ᠬᠠᠭᠤᠳᠠᠰᠤ ᠠᠮᠵᠢᠭᠤᠯᠤᠨ ᠴᠢᠨᠠᠷ ᠴᠢᠨᠰᠠᠭ᠎ᠠ ᠶᠢ ᠪᠠᠲᠤᠯᠠᠵᠤ᠂ ᠪᠦᠬᠦ ᠵᠢᠯ ᠤᠨ《ᠰᠢᠪᠳᠤᠷᠭᠠᠨ》 ᠤ ᠠᠵᠢᠯ ᠢᠶᠠᠨ ᠰᠠᠶᠢᠨ ᠬᠢᠵᠦ ᠪᠠᠶᠢᠨ᠎ᠠ᠃       ᠵᠢᠩ ᠰᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠬᠦᠷᠢᠶ᠎ᠡ ᠴᠠᠷ᠎ᠠ ᠳᠤ ᠣᠷᠦ᠋ᠢᠯᠠᠭᠴᠢ ᠪᠣᠯᠤᠭᠰᠠᠨ ᠤ ᠬᠤᠪᠢ ᠳᠤ᠂ ᠲᠡᠭᠦᠨ ᠤ ᠣᠨᠴᠠᠭᠠᠢ ᠬᠥᠭᠵᠢᠯᠲᠡ ᠶᠢᠨ ᠠᠷᠭ᠎ᠠ ᠵᠠᠮ ᠢᠶᠠᠷ ᠳᠠᠮᠵᠢᠨ᠂ ᠠᠵᠢᠯ ᠲᠥᠷᠥᠯ ᠤᠨ ᠳᠣᠲᠣᠷᠠᠬᠢ ᠵᠢᠱᠢᠶᠡᠴᠢ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠡᠳᠦᠭᠡ ᠡᠳ᠋ ᠪᠠᠷᠠᠭᠠᠨ ᠤ ᠪᠣᠷᠣᠯᠠᠭᠤᠯᠭ᠎ᠠ ᠶᠢᠨ ᠪᠦᠳᠦᠭᠡᠭᠳᠡᠭᠦᠨ ᠤ ᠲᠤᠭ᠎ᠠ 50 ᠭᠠᠷᠤᠢ ᠲᠥᠷᠥᠯ ᠪᠠᠶᠢᠵᠤ᠂ ᠵᠠᠬ᠎ᠠ ᠵᠡᠭᠡᠯᠢ ᠶᠢᠨ ᠨᠡᠶᠢᠯᠡᠭᠦᠯᠦᠯᠲᠡ ᠶᠢ ᠶᠡᠬᠡᠬᠡᠨ ᠬᠥᠭᠵᠢᠭᠦᠯᠵᠦ᠂ ᠠᠳᠠᠯᠢ ᠪᠤᠰᠤ ᠬᠡᠷᠡᠭᠯᠡᠭᠴᠢᠳ ᠤᠨ ᠠᠮᠲᠠᠯᠠᠬᠤ ᠬᠡᠮᠵᠢᠶ᠎ᠡ ᠪᠣᠯᠤᠨ ᠡᠷᠢᠯᠲᠡ ᠬᠡᠷᠡᠭᠴᠡᠭᠡ ᠶᠢ ᠬᠠᠩᠭᠠᠵᠤ ᠪᠠᠶᠢᠨ᠎ᠠ᠃ ᠲᠤᠰ ᠺᠣᠮᠫᠠᠨᠢ ᠶᠢᠨ ᠨᠠᠷᠠᠨ ᠬᠤᠸᠠᠷ ᠤᠨ ᠦᠷ᠎ᠡ ᠨᠢ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠳᠤᠪᠤᠶᠢᠮ᠎ᠠ ᠪᠣᠷᠣᠯᠠᠭᠤᠯᠭ᠎ᠠ ᠶᠢᠨ ᠵᠠᠬ᠎ᠠ ᠲᠠᠢ᠂ ᠪᠡᠭᠡᠵᠢᠩ᠂ ᠱᠠᠩᠬᠠᠢ᠂ ᠭᠤᠸᠠᠩᠵᠧᠦ ᠵᠡᠷᠭᠡ 30 ᠭᠠᠷᠤᠢ ᠬᠤᠲᠠ ᠳᠤ᠂ ᠪᠠᠰᠠ ᠳᠡᠯᠡᠬᠡᠢ ᠶᠢᠨ ᠵᠠᠬ᠎ᠠ ᠳᠡᠯᠭᠡᠭᠦᠷ ᠳᠡᠭᠡᠷ᠎ᠡ ᠳ᠋ᠦᠪᠠᠢ᠂ ᠲᠦᠷᠺ᠂ ᠯᠢᠪᠠᠨᠤᠨ᠂ ᠺᠠᠽᠠᠭᠰᠲ᠋ᠠᠨ ᠵᠡᠷᠭᠡ ᠠᠷᠪᠠᠨ ᠬᠡᠳᠦᠨ ᠤᠯᠤᠰ ᠲᠤ ᠪᠣᠷᠣᠯᠠᠭᠤᠯᠤᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 》ᠬᠤᠶᠠᠷ ᠵᠠᠬ᠎ᠠ ᠵᠡᠷᠭᠡᠪᠡᠷ《ᠰᠦᠯᠵᠢᠶᠡᠨ ᠳᠡᠭᠡᠷᠡᠬᠢ ᠪᠠ ᠰᠦᠯᠵᠢᠶᠡᠨ ᠳᠤᠤᠷᠠᠬᠢ》 ᠬᠤᠶᠠᠷ ᠵᠦᠢᠯ ᠤᠨ ᠪᠣᠷᠣᠯᠠᠭᠤᠯᠭ᠎ᠠ ᠶᠢᠨ ᠬᠡᠪ ᠵᠠᠭᠪᠤᠷ ᠵᠡᠷᠭᠡᠪᠡᠷ ᠬᠥᠭᠵᠢᠭᠰᠡᠨ ᠰᠠᠶᠢᠨ ᠪᠠᠶᠢᠳᠠᠯ ᠢ ᠦᠨᠡᠨ ᠬᠦ ᠪᠡᠶᠡᠯᠡᠭᠦᠯᠵᠡᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠪᠠᠶᠠᠰᠬᠤᠯᠠᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2