2025 ᠣᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠨᠠᠭᠠᠳᠤᠮ ᠤᠨ ᠪᠡᠯᠡᠳᠬᠡᠯ ᠠᠵᠢᠯ ᠢᠳᠡ ᠬᠥᠭ ᠲᠠᠢ ᠶᠠᠪᠤᠭᠳᠠᠵᠤ ᠪᠠᠶᠢᠭ᠎ᠠ
ᠨᠡᠶᠢᠲᠡᠯᠡᠭᠰᠡᠨ ᠴᠠᠭ᠄
2025/1/8
      2025 ᠣᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠨᠠᠭᠠᠳᠤᠮ ᠤᠨ ᠪᠡᠯᠡᠳᠬᠡᠯ ᠠᠵᠢᠯ ᠢᠳᠡ ᠬᠥᠭ ᠲᠠᠢ ᠶᠠᠪᠤᠭᠳᠠᠵᠤ ᠪᠠᠶᠢᠭ᠎ᠠ           ᠮᠠᠨ ᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠤᠨ ᠪᠡᠯᠡᠳᠬᠡᠯ ᠠᠵᠢᠯ ᠶᠠᠭ ᠢᠳᠡ ᠬᠥᠭ ᠲᠠᠢ ᠥᠷᠨᠢᠵᠦ᠂ ᠡᠯ᠎ᠡ ᠲᠥᠷᠥᠯ ᠤᠨ ᠠᠵᠢᠯ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃        2025ᠣᠨ ᠤ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠨᠠᠭᠠᠳᠤᠮ ᠤᠨ ᠬᠤᠷᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ᠋ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ᠂ ᠬᠤᠰᠢᠭᠤᠨ ᠤ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠬᠠᠮᠲᠤᠪᠠᠷ ᠳᠠᠭᠠᠭᠠᠴᠢᠯᠠᠨ ᠡᠷᠬᠢᠯᠡᠨ᠎ᠡ᠃        ᠲᠤᠰ ᠤᠳᠠᠭ᠎ᠠ ᠶᠢᠨ ᠴᠠᠰᠤ ᠮᠥᠰᠥᠨ ᠤ ᠨᠠᠭᠠᠳᠤᠮ ᠤᠨ ᠠᠭᠤᠯᠭ᠎ᠠ ᠪᠠᠶᠠᠯᠢᠭ ᠪᠠᠶᠢᠵᠤ᠂ ᠴᠠᠰᠤᠨ ᠳᠡᠭᠡᠷᠡᠬᠢ ᠬᠠᠴᠢᠨ ᠰᠣᠨᠢᠨ ᠮᠥᠰᠥ ᠴᠠᠰᠤᠨ ᠤ ᠲᠣᠭᠯᠠᠭᠠᠮ ᠨᠢ ᠵᠤᠭᠠᠴᠠᠭᠰᠠᠳ ᠲᠤ ᠴᠠᠰᠤ ᠮᠥᠰᠥᠨ ᠤ ᠰᠡᠲᠡᠯᠲᠡ ᠶᠢᠨ ᠪᠠᠶᠠᠷ ᠪᠠᠭ᠋ᠠᠳᠤᠯ ᠢ ᠰᠠᠨᠠᠭᠳᠠᠭᠤᠯᠬᠤ ᠶᠢᠨ ᠬᠠᠮᠲᠤ ᠪᠠᠰᠠ ᠬᠥᠭᠡᠷᠦᠬᠦᠨ ᠠᠮᠢᠲᠠᠳ ᠤᠨ ᠰᠤᠨᠢᠷᠬᠠᠯ᠂ ᠮᠦᠰᠦᠨ ᠰᠤᠯᠤᠩᠭᠠᠨ ᠭᠤᠳᠤᠮ᠂ ᠨᠤᠲᠤᠭ ᠤᠨ ᠭᠠᠷᠤᠯᠲᠠ ᠶᠢᠨ ᠦᠢᠯᠡᠳᠪᠦᠷᠢᠯᠡᠯ ᠤᠨ ᠪᠦᠲᠦᠭᠡᠭᠳᠡᠬᠦᠨ ᠤ ᠬᠢᠭᠡᠳ ᠵᠢᠯ ᠴᠠᠭᠠᠨ ᠰᠠᠷ᠎ᠠ ᠶᠢᠨ ᠪᠠᠷᠠᠭ᠎ᠠ ᠶᠢᠨ ᠲᠣᠭᠤᠷᠢᠭ ᠵᠡᠷᠭᠡ ᠪᠣᠢ᠂ ᠡᠳᠡᠭᠡᠷ ᠨᠢ ᠥᠷᠭᠡᠨ ᠣᠯᠠᠨ ᠲᠦᠮᠡᠨ ᠳᠤ ᠡᠯᠪᠡᠭ ᠪᠠᠶᠠᠯᠢᠭ ᠮᠥᠰᠥ ᠴᠠᠰᠤᠨ ᠤ ᠰᠣᠶᠣᠯ ᠤᠨ ᠬᠦᠷᠲᠡᠭᠡᠮᠵᠢ ᠬᠠᠩᠭᠠᠬᠤ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠪᠠᠶᠠᠰᠬᠤᠯᠠᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2