ᠢᠦᠢ ᠳ᠋ᠠᠢ ᠴᠢᠩ ᠠᠩᠭᠢ ᠳᠠᠭᠠᠭᠤᠯᠵᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠦᠷᠨᠢᠭᠦᠯᠦᠭᠰᠡᠨ | | 1 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠠᠩᠭᠢ ᠳᠥᠷᠪᠡᠳ | ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ᠂ ᠬᠠᠢ ᠰᠢᠨ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠥᠷᠲᠡᠭᠡ | ᠂ ᠵᠣᠯ ᠵᠢᠷᠭᠠᠯᠲᠤ ᠭᠡᠷ ᠣᠷᠣᠨ ᠤ ᠨᠢᠭᠡᠳᠦᠭᠡᠷ ᠬᠤᠭᠤᠴᠠᠭ᠎ᠠ᠂ ᠪᠧᠢ ᠴᠧᠨ ᠬᠡᠳᠦ ᠳᠡᠯᠭᠡᠭᠦᠷ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠠᠶᠤᠯ ᠲᠠᠢ ᠬᠢᠮᠢ ᠶᠢᠨ ᠪᠣᠳᠠᠰ ᠢ ᠬᠠᠳᠠᠭᠠᠯᠠᠵᠤ | ᠪᠣᠷᠣᠯᠠᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠪᠠ᠃ | | | | | | ᠢᠦᠢ ᠳ᠋ᠠᠢ ᠴᠢᠩ ᠬᠡᠯᠡᠬᠦ ᠳᠡᠭᠡᠨ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ | ᠠᠭᠤᠯᠠᠨ ᠠᠴᠠ ᠬᠦᠨᠳᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠴᠢᠩᠭᠠᠳᠬᠠᠵᠤ᠂ ᠦᠵᠡᠯ ᠰᠠᠨᠠᠭᠠᠨ ᠤ | ᠲᠠᠨᠢᠯᠲᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ | ᠲᠦᠪᠰᠢᠨ ᠪᠤᠰᠤ ᠳᠠᠯᠳᠠ ᠭᠡᠮ ᠢ ᠵᠢᠭᠰᠡᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠳᠬᠠᠵᠤ᠂ | ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠦᠯᠢᠶᠡᠬᠦ ᠰᠡᠳᠬᠢᠯᠭᠡ ᠶᠢ ᠡᠷᠡᠰ ᠲᠡᠪᠴᠢᠵᠦ᠂ 《 ᠴᠠᠭ | ᠢᠮᠠᠭᠲᠠ ᠰᠡᠳᠬᠢᠯ ᠠᠮᠤᠷ ᠦᠭᠡᠢ ᠪᠠᠶᠢᠬᠤ 》 ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠢᠩᠭᠠᠯᠠᠵᠤ᠂ ᠠᠷᠠᠳ ᠣᠯᠠᠨ ᠤ ᠥᠯᠵᠡᠢ ᠪᠡᠯᠭᠡ ᠲᠠᠢ ᠪᠠ ᠪᠠᠶᠠᠷ ᠳᠤᠷᠠᠰᠬᠠᠯ ᠤᠨ ᠡᠳᠦᠷ ᠢ | ᠥᠩᠭᠡᠷᠡᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠡᠯ᠎ᠡ ᠰᠤᠷᠭᠠᠭᠤᠯᠢ | ᠨᠤᠭᠤᠳ ᠢᠳᠡᠭᠡᠨ ᠤ ᠠᠶᠤᠯ ᠥᠬᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ | ᠢᠳᠡᠭᠡᠨ ᠤ ᠠᠶᠤᠯ ᠥᠬᠡᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠡᠳᠦᠷ ᠳᠣᠳᠣᠮ ᠤᠨ ᠬᠢᠨᠠᠯᠲᠠ | ᠬᠠᠮᠢᠶᠠᠷᠤᠯᠲᠠ ᠬᠢᠭᠡᠳ ᠥᠪᠡᠷ ᠢ ᠪᠠᠨ ᠪᠠᠶᠢᠴᠠᠭᠠᠬᠤ ᠶᠢ ᠴᠢᠩᠭᠠᠳᠬᠠᠵᠤ᠂ ᠢᠳᠡᠭᠡᠨ ᠤ ᠠᠶᠤᠯ ᠥᠬᠡᠢ ᠶᠢᠨ ᠠᠯᠢᠪᠠ | ᠪᠣᠭᠤᠮᠲᠠ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯ ᠥᠬᠡᠢ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠰᠤᠷᠭᠠᠭᠤᠯᠢ ᠪᠠ ᠳᠣᠣᠷᠠᠲᠤ | ᠰᠤᠷᠭᠠᠭᠤᠯᠢ ᠶᠢᠨ ᠬᠡᠰᠡᠭ ᠤᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢ ᠳᠡᠭᠡᠭᠰᠢᠯᠡᠭᠦᠯᠵᠦ᠂ ᠲᠣᠬᠢᠷᠠᠮᠵᠢᠲᠠᠢ ᠦᠶ᠎ᠡ ᠳᠤ ᠰᠤᠷᠭᠠᠭᠤᠯᠢ ᠳᠤ ᠣᠴᠢᠵᠤ᠂ ᠵᠣᠬᠢᠬᠤ | ᠬᠡᠮᠵᠢᠶ᠎ᠡ ᠪᠠᠷ ᠵᠥᠷᠢᠨ᠎ᠡ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠣᠯᠤᠨ ᠵᠠᠮ ᠬᠠᠷᠢᠯᠴᠠᠭᠠᠨ ᠤ ᠵᠢᠯᠣᠭᠤᠳᠤᠭᠴᠢ ᠶᠢ | ᠬᠠᠮᠲᠤ ᠳᠤᠨᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠭᠠᠳᠠᠭᠰᠢ ᠭᠠᠷᠬᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠠᠶᠤᠯ ᠥᠬᠡᠢ ᠬᠥᠭᠵᠢᠭᠦᠯᠬᠦ ᠣᠨᠣᠯᠵᠢᠬᠤᠨ ᠢ ᠪᠣᠢ ᠪᠣᠯᠭᠠᠵᠤ᠂ ᠠᠵᠢᠯᠯᠠᠬᠤ ᠴᠤᠪᠤᠷᠠᠯ ᠢ | ᠵᠢᠷᠤᠮᠵᠢᠭᠤᠯᠤᠨ᠂ ᠬᠡᠢ ᠬᠡᠷᠡᠭᠯᠡᠬᠦ ᠠᠶᠤᠯ ᠥᠬᠡᠢ ᠶᠢᠨ ᠤᠬᠠᠭᠤᠯᠭ᠎ᠠ ᠶᠢ ᠴᠢᠩᠭᠠᠳᠬᠠᠵᠤ᠂ ᠴᠠᠭᠠᠨ ᠰᠠᠷ᠎ᠠ ᠶᠢᠨ | ᠬᠤᠭᠤᠴᠠᠭᠠᠨ ᠤ ᠠᠶᠤᠯ ᠥᠬᠡᠢ ᠪᠥᠭᠡᠳ ᠲᠣᠭᠲᠠᠭᠤᠨ ᠬᠡᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃《 ᠠᠷᠠᠳ | ᠲᠦᠮᠡᠨ ᠢᠶᠠᠷ ᠭᠤᠣᠯ ᠪᠣᠯᠭᠠᠬᠤ 》 ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠤᠯᠤᠰ ᠲᠥᠷᠥ ᠶᠢᠨ ᠵᠣᠭᠰᠣᠴᠠ | ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠪᠠᠶᠢᠳᠠᠯ ᠢ ᠠᠩᠬᠠᠷᠴᠤ᠂ ᠪᠠᠷᠠᠭᠠᠨ ᠤ ᠢᠷᠡᠯᠲᠡ ᠶᠢ ᠢᠳᠡᠪᠬᠢᠲᠡᠢ ᠵᠣᠬᠢᠶᠠᠨ | ᠪᠠᠶᠢᠭᠤᠯᠵᠤ᠂ ᠲᠠᠸᠠᠷ ᠤᠨ ᠭᠦᠢᠴᠡᠳ ᠪᠠᠶᠢᠬᠤ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ | | | | | | | ᠬᠤᠰᠢᠭᠤᠨ ᠤ ᠤᠳᠤᠷᠢᠳᠤᠯᠭ᠎ᠠ ᠤᠷᠢᠬᠠᠨ᠂ ᠪᠤᠶᠠᠨᠬᠦᠦ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠪᠠᠷ᠎ᠠ ᠪᠤᠯᠵᠠᠢ ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |