ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠪᠠᠭ ᠤᠨ ᠬᠤᠶᠠᠷ ᠮᠢᠩᠭ᠎ᠠ ᠬᠤᠷᠢᠨ ᠳᠦᠷᠪᠡᠨ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/2/10
      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠪᠠᠭ ᠤᠨ ᠬᠤᠶᠠᠷ ᠮᠢᠩᠭ᠎ᠠ ᠬᠤᠷᠢᠨ ᠳᠦᠷᠪᠡᠨ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠰᠠᠨ              ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠰᠠᠨ ᠪᠠᠶᠢᠨ᠎ᠠ᠃       ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠪᠠᠶᠢᠭ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠪᠠᠶᠢᠳᠠᠯ ᠢ ᠮᠡᠳᠡᠭᠦᠯᠦᠭᠰᠡᠨ ᠪᠠᠶᠢᠨ᠎ᠠ᠃      ᠬᠤᠰᠢᠭᠤ  ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠼᠤᠤ ᠴᠢᠶᠠᠨ ᠬᠤᠷᠠᠯ ᠳᠤ ᠣᠷᠣᠯᠴᠠᠨ ᠵᠢᠯᠤᠭᠤᠳᠤᠯᠭ᠎ᠠ ᠬᠢᠭᠰᠡᠨ ᠪᠠᠶᠢᠨ᠎ᠠ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠰᠦᠯᠳᠡ᠂ ᠡᠯ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳᠠ ᠬᠤᠷᠠᠯ ᠳᠤ ᠰᠤᠯᠠ ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠬᠦᠰᠡᠯᠡᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2