ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/2/10
      ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠰᠠᠨ                 2  ᠰᠠᠷ᠎ᠠ ᠶᠢᠨ  7 ᠤ  ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠰᠠᠨ ᠪᠠᠶᠢᠨ᠎ᠠ᠃        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠬᠤᠰᠢᠭᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠤᠭᠤᠳᠤᠭᠰᠠᠨ ᠪᠠᠶᠢᠨ᠎ᠠ᠃        ᠹᠠᠨ ᠶᠠᠨ ᠪᠢᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ《ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠥᠷᠪᠡᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠰᠤᠭᠠᠢ》ᠭᠡᠬᠦ ᠠᠵᠢᠯ ᠤᠨ ᠢᠯᠡᠳᠬᠡᠯ ᠬᠢᠭᠰᠡᠨ ᠪᠠᠶᠢᠨ᠎ᠠ᠃       ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ ᠤᠨ  ᠪᠤᠰᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠰᠤᠮᠤ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠡᠯ᠎ᠡ ᠬᠡᠯᠲᠡᠰ᠂ ᠡᠯ᠎ᠡ ᠪᠠᠶᠢᠭᠤᠯᠭ᠎ᠠ᠂ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢᠨ ᠲᠥᠯᠥᠭᠡᠯᠡᠭᠴᠢ ᠬᠤᠷᠠᠯ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠼᠠᠢ ᠴᠢᠩ ᠴᠦᠨ     ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2