ᠰᠢ ᠶᠢᠨ ᠫᠢᠩ ᠪᠣᠯᠣᠨ ᠫᠧᠩ ᠯᠢ ᠶᠤᠸᠠᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠤᠯᠠᠨ ᠤᠯᠤᠰ ᠤᠨ ᠬᠦᠨᠳᠦᠲᠦ | ᠵᠣᠴᠢᠳ ᠢ ᠤᠭᠲᠤᠬᠤ ᠳᠠᠶᠢᠯᠠᠯᠭ᠎ᠠ ᠬᠢᠪᠡ | | | ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ | 2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ | ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ ᠬᠢᠵᠦ᠂ | ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ | ᠵᠣᠴᠢᠳ ᠢ ᠤᠭᠲᠤᠪᠠ᠃ | ᠲᠡᠳᠡ ᠪᠣᠯ᠄ ᠪᠷᠦ᠋ᠨᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ | ᠲᠡᠭᠦᠨ ᠤ ᠬᠠᠳᠤᠨ ᠵᠠᠫᠠᠯᠦᠸᠠ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠦᠨ | ᠫᠧᠶ᠋ᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ | ᠵᠢᠩ ᠬᠤᠢ ᠵᠢᠴᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ | ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠤᠨ | ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠨᠠᠷ ᠪᠣᠯᠣᠨ᠎ᠠ᠃ | | | | | 2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ | ᠳᠠᠶᠢᠯᠠᠯᠭ᠎ᠠ ᠬᠢᠵᠦ ᠂ ᠬᠠᠷᠪᠢᠨ ᠤ ᠵᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ | ᠬᠦᠨᠳᠦᠲᠦ ᠵᠣᠴᠢᠳ ᠢ ᠤᠭᠲᠤᠪᠠ᠃ | ᠵᠢᠷᠤᠭ ᠪᠣᠯ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠶᠢᠨ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | ᠴᠠᠭᠠᠨ ᠰᠠᠷ᠎ᠠ ᠶᠢᠨ ᠮᠥᠰᠥᠨ ᠬᠤᠳᠠ ᠮᠥᠩᠭᠦᠨ ᠬᠤᠪᠴᠠᠰᠤ ᠬᠡᠲᠦᠷᠴᠦ᠂ ᠪᠡᠯᠭᠡᠲᠦ ᠴᠠᠰᠤ ᠡᠯᠪᠡᠭ | ᠬᠤᠷᠢᠶᠠᠯᠲᠠ ᠶᠢ ᠪᠡᠯᠭᠡᠳᠡᠨ᠎ᠡ᠃ | ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠷᠢᠯᠴᠠᠨ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠵᠦ᠂ ᠳᠣᠲᠣᠨᠣ ᠪᠠᠷ ᠭᠠᠷ ᠠᠳᠬᠤᠵᠤ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | ᠳᠤᠮᠳᠠᠳᠤ ᠭᠠᠳᠠᠭᠠᠳᠤ ᠶᠢᠨ ᠦᠨᠳᠦᠰᠦᠲᠡᠨ ᠤ ᠬᠤᠪᠴᠠᠰᠤ ᠵᠠᠰᠠᠯ ᠲᠠᠢ 40 ᠪᠠᠭᠠᠴᠤᠳ ᠬᠡᠦᠬᠡᠳ ᠬᠠᠷᠠᠮᠥ᠋ᠷᠡᠨ ᠤ | ᠠᠷᠠᠳ ᠤᠨ ᠳᠠᠭᠤᠤ ︽ᠦᠰᠰᠦ᠋ᠷᠢ ᠮᠥᠷᠡᠨ ᠤ ᠣᠩᠭᠤᠴᠠᠴᠢᠨ ᠤ ᠳᠠᠭᠤᠤ︾ ᠶᠢ ᠳᠠᠭᠤᠯᠠᠵᠤ᠂ ᠤᠯᠠᠨ ᠤᠯᠤᠰ ᠤᠨ | ᠬᠦᠨᠳᠦᠲᠦ ᠵᠣᠴᠢᠳ ᠢ ᠬᠠᠯᠠᠭᠤᠨ ᠢᠶᠠᠷ ᠤᠭᠲᠤᠪᠠ᠃ | ᠳᠠᠶᠢᠯᠠᠯᠭ᠎ᠠ ᠶᠢᠨ ᠲᠢᠩᠬᠢᠮ ᠳᠤ ᠮᠥᠰᠥ ᠴᠠᠰᠤᠨ ᠤ ᠦᠪᠡᠳᠡᠭᠰᠢ ᠴᠤᠭᠯᠠᠭᠠᠨ ᠪᠣᠯᠣᠨ ᠬᠥᠭᠵᠢᠶᠡᠨᠲᠦ ᠴᠠᠭᠠᠨ | ᠰᠠᠷ᠎ᠠ ᠶᠢᠨ ᠠᠭᠤᠷ ᠠᠮᠢᠰᠬᠤᠯ ᠰᠣᠯᠪᠢᠴᠠᠵᠤ᠂ ᠪᠠᠶᠠᠷ ᠭᠦᠷ ᠢᠶᠠᠷ ᠪᠢᠯᠬᠠᠨ᠎ᠠ᠃ | ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠵᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠤᠯᠠᠨ ᠤᠯᠤᠰ ᠤᠨ ᠬᠦᠨᠳᠦᠲᠦ | ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠵᠢᠰᠦᠳᠦᠭᠡᠷ | ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠡᠨᠡ ᠣᠷᠣᠢ | ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠬᠠᠷᠪᠢᠨ ᠤ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠭᠦᠷᠳᠡᠯ᠎ᠠ᠂ ᠳᠤᠮᠳᠠᠳᠤ ᠤᠯᠤᠰ ᠤᠨ ︽ᠮᠥᠰᠥ ᠴᠠᠰᠤᠨ ᠤ | ᠬᠠᠯᠠᠮᠰᠢᠯ︾ ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠴᠣ᠋ | ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ ᠤᠷᠤᠯᠳᠤᠭᠠᠨ ᠳᠤ ᠣᠷᠤᠯᠴᠠᠬᠤ ᠤᠯᠤᠰ ᠪᠠ ᠭᠠᠵᠠᠷ | ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠃ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ ᠤᠯᠤᠰ ᠡᠯ᠎ᠡ ᠭᠠᠵᠠᠷ ᠣᠷᠣᠨ ᠤ | ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ ᠬᠠᠷᠪᠢᠨ ᠳᠡᠯᠡᠬᠡᠢ ᠳ᠋ᠠᠬᠢᠨ ᠳᠤ ᠨᠢᠭᠡ ᠬᠤᠭᠤᠴᠠᠭᠠᠨ ᠤ | ︽ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂ ᠭᠤᠶᠢᠳᠠ ᠰᠠᠶᠢᠬᠠᠨ︾ ᠪᠡᠶ᠎ᠡ ᠶᠢᠨ | ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ | ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽ | ᠮᠥᠰᠥ ᠴᠠᠰᠤᠨ ᠤ ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ︾ ᠭᠡᠬᠦ ᠭᠤᠣᠯ ᠰᠡᠳᠦᠪ ᠲᠠᠢ | ᠪᠠᠶᠢᠵᠤ᠂ ᠠᠽᠢᠶ᠎ᠠ ᠲᠢᠪ ᠤᠨ ᠠᠷᠠᠳ ᠲᠦᠮᠡᠨ ᠤ ᠡᠩᠬᠡ ᠳᠠᠶᠢᠪᠤᠩ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ | ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠠᠴᠢᠶᠠᠯᠠᠪᠠ᠃ ᠠᠮᠤᠷ ᠳᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ | ᠵᠡᠭᠦᠳᠦ ᠪᠠᠨ ᠪᠠᠲᠤ ᠰᠠᠬᠢᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠲᠠ ᠳᠤ ᠠᠽᠢᠶ᠎ᠠ | ᠲᠢᠪ ᠤᠨ ᠬᠦᠴᠦᠨ ᠴᠢᠳᠠᠯ ᠢᠶᠠᠨ ᠡᠷᠭᠦᠶ᠎ᠡ᠃ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠵᠤ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ | ᠬᠦᠴᠦᠨ ᠨᠡᠮᠡᠷᠢᠯᠡᠶ᠎ᠡ᠃ ᠬᠠᠷᠢᠯᠴᠠᠨ ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠵᠦ᠂ ᠬᠥᠮᠥᠨ | ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠠᠷᠪᠢᠨ ᠪᠣᠯ ᠳᠤᠮᠳᠠᠳᠤ ᠤᠯᠤᠰ ᠤᠨ ᠣᠳᠣ ᠦᠶ᠎ᠡ ᠶᠢᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃ ︽ᠮᠥᠰᠥ ᠴᠠᠰᠤᠲᠤ ᠲᠠᠯ᠎ᠠ ᠨᠤᠲᠤᠭ ᠴᠣ᠋ ᠠᠯᠲᠠᠨ ᠠᠭᠤᠯᠠ ᠮᠥᠩᠭᠦᠨ | ᠬᠠᠶᠢᠷᠬᠠᠨ ᠮᠥᠨ︾᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ | ᠪᠠᠶᠢᠨ᠎ᠠ ᠃ ᠤᠯᠠᠨ ᠢᠶᠠᠷ ᠢᠶᠠᠨ ᠡᠨᠡ ᠬᠦ᠋ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ | ᠬᠠᠷ᠎ᠠ ᠬᠥᠷᠥᠰᠥᠲᠦ ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ | ᠮᠥᠷ ᠢ ᠡᠷᠢᠯᠬᠢᠯᠡᠵᠦ᠂ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠲᠠᠮᠢᠷᠴᠢᠳ ᠤᠷᠤᠯᠳᠤᠭᠠᠨ ᠤ ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ | ᠬᠢᠷᠢ ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠢᠷᠦᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠨᠠᠷ ᠠᠵᠢᠯᠯᠠᠭ᠎ᠠ ᠳᠤ | ᠣᠷᠣᠯᠴᠠᠵᠠᠢ᠃ | ᠤᠭᠲᠤᠬᠤ ᠳᠠᠶᠢᠯᠠᠯᠭ᠎ᠠ ᠡᠬᠢᠯᠡᠬᠦ ᠠᠴᠠ ᠡᠮᠦᠨ᠎ᠡ᠂ ᠬᠦᠨᠳᠦᠲᠦ ᠵᠣᠴᠢᠳ ᠬᠠᠷᠠᠮᠥ᠋ᠷᠡᠨ ᠤ ᠪᠣᠳᠠᠰ ᠤᠨ ᠪᠤᠰᠤ | ᠰᠣᠶᠣᠯ ᠤᠨ ᠥᠪ ᠤᠨ ᠳᠡᠯᠭᠡᠨ ᠦᠵᠡᠭᠦᠯᠭᠡ ᠶᠢ ᠰᠣᠨᠢᠷᠬᠠᠪᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠳᠡᠪᠰᠢᠭᠦᠯᠦᠭᠴᠢ᠄ ᠲᠡᠷᠭᠡᠯ | |