ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ | ᠬᠤᠷᠠᠯᠳᠤᠭᠤᠯᠤᠭᠠᠳ ᠬᠡᠷᠡᠭᠯᠡᠭᠡ ᠶᠢ ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ ︽2025 ᠣᠨ ᠤ | ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠪᠠ ᠭᠤᠣᠯᠳᠠᠯᠭ᠎ᠠ | ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠢ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠪᠠ ︽ᠪᠥᠬᠦᠳᠡ ᠨᠠᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠪᠠ | | ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 2 ᠳ᠋ᠤᠭᠠᠷ ᠰᠠᠷ᠎ᠠ ᠶᠢᠨ 10 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠤᠭᠠᠳ ᠬᠡᠷᠡᠭᠯᠡᠭᠡ ᠶᠢ | ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽2025 ᠣᠨ ᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ | ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠭᠤᠣᠯᠳᠠᠯᠭ᠎ᠠ ᠪᠣᠯᠬᠤ ᠠᠵᠤ ᠦᠢᠯᠡᠰ ᠤᠨ | ᠪᠦᠲᠦᠴᠡ ᠶᠢᠨ ᠴᠢᠨᠠᠷᠲᠠᠢ ᠵᠥᠷᠢᠴᠡᠯ ᠢ ᠠᠷᠢᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ᠂ ︽ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ | ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠢᠶᠠᠷ᠂ ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ | ᠦᠵᠡᠯᠲᠡ ᠪᠠᠨ ᠦᠨᠡᠨ ᠬᠦ᠋ ᠬᠤᠪᠢᠷᠠᠭᠤᠯᠤᠨ᠂ ᠬᠡᠷᠡᠭᠯᠡᠭᠡ ᠶᠢ ᠬᠥᠭᠵᠢᠭᠡᠬᠦ ᠶᠠᠪᠤᠳᠠᠯ ᠢ ᠨᠡᠩ ᠳᠤᠪᠤᠶᠢᠮ᠎ᠠ ᠪᠠᠶᠢᠷᠢᠨ ᠳᠤ | ᠲᠠᠯᠪᠢᠬᠤ ᠬᠡᠷᠡᠭᠲᠡᠢ᠃ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠢ ᠲᠡᠮᠵᠢᠵᠤ᠂ ᠴᠠᠯᠢᠩ ᠤᠨ | ᠴᠢᠨᠠᠷᠲᠠᠢ ᠣᠷᠣᠯᠭ᠎ᠠ ᠶᠢᠨ ᠵᠣᠬᠢᠰᠲᠠᠢ ᠨᠡᠮᠡᠭᠳᠡᠬᠦ ᠶᠢ ᠠᠬᠢᠭᠤᠯᠤᠨ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ | ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠨᠥᠯᠥᠭᠡᠯᠡᠨ ᠳᠠᠭᠠᠭᠤᠯᠬᠤ | ᠴᠢᠨᠠᠷ ᠢᠶᠠᠷ ᠴᠢᠩᠭ᠎ᠠ᠂ ᠨᠡᠮᠡᠭᠳᠡᠬᠦ ᠣᠷᠣᠨ ᠵᠠᠢ ᠪᠠᠷ ᠶᠡᠭᠡ ᠪᠠᠶ᠋ᠢᠳᠠᠭ ᠬᠡᠷᠡᠭᠯᠡᠭᠡ ᠶᠢᠨ ᠬᠦᠷᠢᠶ᠎ᠡ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ᠃ | ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ︽ | ᠨᠠᠰᠤᠲᠠᠶᠢᠴᠤᠤᠨ ᠪᠠ ᠨᠠᠰᠤᠨ ᠳᠤ ᠦᠯᠦ ᠬᠦᠷᠦᠭᠰᠡᠳ︾ ᠲᠤ ᠦᠢᠯᠡᠴᠢᠯᠡᠬᠦ ᠬᠠᠩᠭᠠᠯᠭ᠎ᠠ ᠶᠢ ᠰᠢᠯᠢᠳᠡᠭᠵᠢᠭᠦᠯᠦᠨ᠂ | ᠠᠷᠠᠳ ᠲᠤ ᠳᠦᠭᠦᠮᠯᠡᠬᠦ ᠦᠢᠯᠡᠴᠢᠯᠡᠭᠡᠨ ᠤ ᠬᠡᠷᠡᠭᠯᠡᠭᠡ ᠶᠢ ᠳᠡᠮᠵᠢᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠬᠡᠷᠡᠭᠯᠡᠭᠡ ᠶᠢ ᠥᠷᠭᠡᠳᠬᠡᠵᠦ᠂ ᠮᠥᠰᠥ ᠴᠠᠰᠤᠨ ᠤ ᠲᠠᠯ᠎ᠠ ᠪᠠᠷ ᠵᠤᠭ᠎ᠠ ᠴᠡᠩᠬᠡᠯ ᠤᠨ ᠬᠡᠷᠡᠭᠯᠡᠭᠡ ᠶᠢ ᠠᠬᠢᠭᠤᠯᠤᠨ᠂ ᠬᠢᠯᠢ ᠪᠠᠷ | ᠵᠢᠭᠤᠯᠴᠢᠯᠠᠨ ᠢᠷᠡᠭᠰᠡᠳ ᠤᠨ ᠬᠡᠷᠡᠭᠯᠡᠭᠡ ᠶᠢ ᠬᠥᠭᠵᠢᠭᠦᠯᠦᠨ᠎ᠡ᠃ ᠥᠷᠭᠡᠨ ᠬᠡᠷᠡᠭᠴᠡᠭᠡᠨ ᠤ ᠬᠡᠷᠡᠭᠯᠡᠭᠡ ᠶᠢᠨ ᠠᠭᠤᠯᠭ᠎ᠠ ᠶᠢ | ᠰᠢᠨᠡᠳᠬᠡᠨ ᠲᠡᠰ ᠳᠡᠪᠰᠢᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠬᠠᠭᠤᠴᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ | ᠰᠠᠶᠢᠨ ᠬᠠᠩᠭᠠᠨ᠂ ᠮᠠᠰᠢᠨ ᠲᠡᠷᠭᠡᠨ ᠤ ᠬᠡᠷᠡᠭᠯᠡᠭᠡ ᠶᠢᠨ ᠬᠡᠯᠬᠢᠶ᠎ᠡ ᠶᠢ ᠤᠷᠲᠤᠳᠬᠠᠨ᠎ᠠ᠃ ᠬᠡᠷᠡᠭᠯᠡᠭᠡ ᠶᠢᠨ ᠨᠠᠷᠠᠲᠤ | ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ | ᠬᠥᠭᠵᠢᠯᠲᠡ ᠶᠢ ᠳᠡᠮᠵᠢᠵᠦ᠂ ︽ᠵᠣᠬᠢᠶᠠᠮᠠᠯ ᠣᠶᠤᠨ + ᠬᠡᠷᠡᠭᠯᠡᠭᠡ︾᠂ ᠡᠷᠡᠭᠦᠯ ᠬᠡᠷᠡᠭᠯᠡᠭᠡ ᠵᠡᠷᠭᠡ ᠶᠢ ᠠᠬᠢᠭᠤᠯᠤᠨ᠂ | ᠬᠡᠷᠡᠭᠯᠡᠭᠡ ᠶᠢᠨ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠰᠢᠨ᠎ᠡ ᠬᠠᠯᠠᠮᠰᠢᠯ ᠢ ᠦᠷᠭᠦᠯᠵᠢᠯᠡᠨ ᠪᠣᠶ ᠪᠣᠯᠭᠠᠨ᠎ᠠ᠃ | ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠴᠢᠨᠠᠷ | ᠴᠢᠨᠰᠠᠭ᠎ᠠ ᠶᠢᠨ ᠪᠠᠷᠢᠮᠵᠢᠶ᠎ᠠ᠂ ᠢᠲᠡᠭᠡᠮᠵᠢ ᠶᠢᠨ ᠬᠢᠵᠠᠭᠠᠷᠯᠠᠯ᠂ ᠶᠡᠷᠦᠩᠬᠡᠶᠢᠯᠡᠭᠰᠡᠨ ᠵᠠᠰᠠᠯᠲᠠ᠂ ᠬᠡᠷᠡᠭᠯᠡᠭᠡ ᠶᠢᠨ ᠡᠷᠬᠡ ᠶᠢᠨ | ᠬᠠᠮᠠᠭᠠᠯᠠᠯᠲᠠ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ | ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠬᠡᠷᠡᠭᠯᠡᠭᠡ ᠶᠢᠨ ᠠᠮᠤᠷ ᠰᠠᠶᠢᠬᠠᠨ ᠣᠷᠴᠢᠨ ᠨᠥᠬᠦᠴᠡᠯ ᠢ | ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ | ᠬᠤᠷᠠᠯᠳᠤᠭᠠᠨ ᠢᠶᠠᠷ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠵᠢᠯ ᠣᠯᠭᠤᠬᠤ᠂ ᠭᠠᠳᠠᠭᠠᠳᠤ ᠭᠠᠷᠭᠠᠯᠲᠠ ᠶᠢ | ᠲᠣᠭᠲᠠᠪᠤᠷᠢᠵᠢᠭᠤᠯᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠴᠢᠬᠤᠯᠠ | ᠦᠢᠯᠡᠳᠦᠯ ᠲᠠᠢ ᠪᠠᠶᠢᠳᠠᠭ ᠪᠣᠯᠬᠤᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ | ᠪᠠᠶᠢᠭᠠᠤᠨ ᠦᠯᠡᠳᠡᠭᠡᠯ ᠢ ᠲᠣᠭᠲᠠᠪᠤᠷᠢᠵᠢᠭᠤᠯᠵᠤ᠂ ᠨᠡᠮᠡᠭᠳᠡᠯ ᠢ ᠥᠷᠭᠡᠳᠬᠡᠬᠦ ᠬᠡᠷᠡᠭᠲᠡᠢ᠃ ᠪᠡᠶ᠎ᠡ ᠪᠠᠨ ᠳᠠᠭᠠᠭᠠᠵᠤ | ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠨᠡᠭᠡᠭᠡᠯᠲᠡ ᠬᠢᠬᠦ | ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ | ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠠᠯ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ | ᠵᠢᠰᠢᠶ᠎ᠡ ᠦᠵᠡᠭᠦᠯᠬᠦ ᠠᠵᠢᠯ ᠢ ᠰᠢᠯᠢᠳᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠢ ᠵᠣᠷᠢᠭᠵᠢᠭᠤᠯᠵᠤ ᠠᠵᠤ | ᠦᠢᠯᠡᠰ ᠲᠤ ᠪᠡᠯᠡ ᠣᠷᠣᠭᠤᠯᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ︽ᠳᠤᠮᠳᠠᠳᠤ ᠤᠯᠤᠰ ᠲᠤ ᠪᠡᠯᠡ ᠣᠷᠣᠭᠤᠯᠬᠤ︾ | ᠨᠡᠷᠡᠲᠦ ᠲᠡᠮᠳᠡᠭ ᠢ ᠦᠷᠭᠦᠯᠵᠢᠯᠡᠨ ᠴᠣᠭᠴᠠᠯᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ | ᠲᠠᠬᠢᠨᠲᠠ ᠪᠡᠯᠡ ᠣᠷᠣᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠤ ᠳᠤᠮᠳᠠᠳᠤ | ᠤᠯᠤᠰ ᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠪᠡᠯᠡ ᠶᠢᠨ | ᠨᠡᠶ᠋ᠢᠯᠡᠭᠦᠯᠵᠦ ᠬᠤᠳᠠᠯᠳᠤᠨ ᠠᠪᠬᠤ ᠳᠦᠷᠢᠮ ᠪᠠ ᠨᠡᠶᠢᠯᠡᠭᠦᠯᠵᠦ ᠬᠤᠳᠠᠯᠳᠤᠨ ᠠᠪᠴᠤ ᠠᠷᠠᠯᠵᠢᠶᠠᠯᠠᠬᠤ ᠳᠡᠰ ᠳᠠᠷᠠᠭᠠᠯᠠᠯ ᠢ | ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯ ᠤᠨ ᠳᠤᠮᠳᠠ ᠳᠣᠲᠣᠭᠠᠳᠤ | ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠬᠤ ᠶᠢ ᠪᠡᠶᠡᠯᠡᠭᠦᠯᠵᠦ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠳ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠮᠡᠳᠡᠯᠭᠡ ᠶᠢᠨ ᠥᠮᠴᠢᠯᠡᠬᠦ ᠡᠷᠬᠡ ᠶᠢ | ᠬᠠᠮᠠᠭᠠᠯᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠭᠠᠳᠠᠭᠠᠳᠤ ᠪᠡᠯᠡ ᠶᠢᠨ ᠲᠦᠷᠦᠯ ᠵᠦᠢᠯ ᠳᠤ ᠦᠢᠯᠡᠴᠢᠯᠡᠵᠦ | ᠪᠠᠲᠤᠯᠠᠬᠤ ᠠᠵᠢᠯ ᠢ ᠰᠠᠶᠢᠳᠤᠷ ᠬᠢᠵᠦ᠂ ᠬᠢᠯᠢ ᠪᠠᠷ ᠣᠷᠣᠵᠤ ᠭᠠᠷᠬᠤ᠂ ᠰᠠᠭᠤᠷᠢᠰᠢᠬᠤ ᠪᠠ ᠲᠦᠷ ᠰᠠᠭᠤᠬᠤ ᠵᠡᠷᠭᠡ | ᠲᠠᠯ᠎ᠠ ᠪᠠᠷ ᠭᠠᠳᠠᠭᠠᠳᠤ ᠶᠢᠨ ᠠᠵᠤ ᠠᠬᠤᠶᠢᠯᠠᠯ ᠤᠨ ᠬᠥᠮᠥᠰ ᠤᠨ ᠶᠠᠪᠤᠵᠤ ᠰᠠᠭᠤᠬᠤ ᠳᠤ ᠨᠡᠩ ᠳᠦᠭᠦᠮᠯᠡᠬᠦ ᠬᠡᠷᠡᠭᠲᠡᠢ ᠬᠡᠮᠡᠨ | ᠵᠢᠭᠠᠵᠤ ᠭᠠᠷᠭᠠᠪᠠ᠃ | ᠬᠤᠷᠠᠯᠳᠤᠭᠠᠨ ᠢᠶᠠᠷ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠦᠩᠭᠡᠨ | ᠲᠠᠯ᠎ᠠ ᠪᠠ ᠦᠨᠳᠦᠰᠦ ᠠᠴᠠ ᠵᠠᠰᠠᠵᠤ ᠪᠠᠶᠢᠭᠠᠤᠨ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ | ᠵᠥᠷᠢᠴᠡᠯ ᠵᠡᠷᠭᠡ ᠠᠰᠠᠭᠤᠳᠠᠯ ᠢ ᠰᠢᠢᠳᠪᠦᠷᠢᠯᠡᠨ᠂ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠪᠠ ᠴᠢᠨᠠᠷ ᠴᠢᠨᠰᠠᠭ᠎ᠠ ᠪᠠᠨ | ᠰᠠᠶᠢᠵᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠡᠶᠢᠦᠨᠬᠡᠵᠦ ᠳᠠᠬᠢᠨᠲᠠ ᠵᠣᠬᠢᠶᠠᠨ | ᠪᠠᠶᠢᠭᠤᠯᠬᠤ ᠶᠢ ᠠᠬᠢᠭᠤᠯᠵᠤ᠂ ᠬᠤᠴᠣᠷᠤᠩᠭᠤᠢ ᠪᠥᠭᠡᠳ ᠦᠷ᠎ᠡ ᠠᠰᠢᠭ ᠢᠶᠠᠷ ᠳᠣᠣᠷ᠎ᠠ ᠦᠢᠯᠡᠳᠪᠦᠷᠢᠯᠡᠬᠦ ᠴᠢᠳᠠᠮᠵᠢ ᠶᠢᠨ | ᠵᠠᠬ᠎ᠠ ᠳᠡᠯᠭᠡᠭᠦᠷ ᠠᠴᠠ ᠪᠤᠴᠠᠵᠤ ᠭᠠᠷᠬᠤ ᠶᠢ ᠠᠬᠢᠭᠤᠯᠵᠤ᠂ ᠳᠡᠭᠡᠳᠦ ᠲᠡᠰ ᠤᠨ ᠦᠢᠯᠡᠳᠪᠦᠷᠢᠯᠡᠬᠦ ᠴᠢᠳᠠᠮᠵᠢ ᠶᠢᠨ | ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ᠂ ᠰᠢᠯᠢᠳᠡᠭ ᠰᠢᠯᠢᠭᠳᠡᠵᠦ | ᠰᠢᠭᠠᠷᠤ ᠰᠢᠭᠰᠢᠭᠳᠡᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠮᠡᠨ ᠵᠢᠭᠠᠵᠤ | ᠭᠠᠷᠭᠠᠪᠠ᠃ ᠬᠤᠷᠠᠯᠳᠤᠭᠠᠨ ᠢᠶᠠᠷ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠨ᠂ | ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯᠳᠤᠭᠠᠨ ᠢᠶᠠᠷ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ | ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ | ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠲᠡᠢ ᠬᠡᠮᠡᠨ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠳᠡᠪᠰᠢᠭᠦᠯᠦᠭᠴᠢ᠄ ᠲᠡᠷᠭᠡᠯ | |