ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠪᠠᠶᠠᠯᠢᠭ ᠰᠠᠶᠢᠬᠠᠨ
ᠨᠡᠶᠢᠲᠡᠯᠡᠭᠰᠡᠨ ᠴᠠᠭ᠄
2025/2/18
      ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠪᠠᠶᠠᠯᠢᠭ ᠰᠠᠶᠢᠬᠠᠨ                ᠤᠯᠠᠮᠵᠢᠯᠠᠯᠲᠤ ᠵᠠᠩ ᠦᠢᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠮᠠᠨ ᠤ ᠬᠤᠰᠢᠭᠤ 《 ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠵᠢᠯ ᠢ ᠥᠩᠭᠡᠷᠡᠭᠡᠬᠦ 》 ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠪᠠ᠃        ᠲᠤᠰ ᠤᠳᠠᠭ᠎ᠠ ᠶᠢᠨ ᠠᠵᠢᠯᠯᠠᠭ᠎ᠠ ᠨᠢ ᠡᠯᠪᠡᠭ ᠪᠠᠶᠠᠯᠢᠭ ᠠᠭᠤᠯᠭ᠎ᠠ ᠲᠠᠢ ᠪᠠᠶᠢᠵᠤ᠂ ᠤᠯᠠᠮᠵᠢᠯᠠᠯᠲᠤ ᠶᠢᠨ ᠶᠣᠰᠣᠯᠠᠯ᠂ ᠴᠠᠭᠠᠨ ᠰᠠᠷ᠎ᠠ ᠶᠢᠨ ᠲᠠᠪᠠᠭ᠂ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ᠂ ᠤᠷᠠᠨ ᠰᠠᠶᠢᠬᠠᠨ ᠤ ᠲᠣᠭᠯᠠᠯᠲᠠ ᠵᠢᠴᠢ ᠪᠡᠶ᠎ᠡ ᠲᠠᠮᠢᠷ ᠤᠨ ᠤᠷᠤᠯᠳᠤᠭᠠᠨ ᠵᠡᠷᠭᠡ ᠣᠯᠠᠨ ᠠᠷᠪᠢᠨ ᠠᠭᠤᠯᠭ᠎ᠠ ᠶᠢ ᠬᠠᠮᠤᠷᠴᠤ᠂ ᠦᠷᠭᠡᠨ ᠣᠯᠠᠨ ᠰᠠᠭᠤᠭᠠᠯᠢ ᠠᠷᠠᠳ ᠤᠨ ᠬᠠᠯᠠᠭᠤᠨ ᠰᠣᠨᠢᠷᠬᠠᠯ ᠢ ᠲᠠᠲᠠᠵᠤ᠂ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠣᠶᠣᠯ ᠤᠨ ᠠᠭᠤᠷ ᠠᠮᠢᠰᠬᠤᠯ ᠢ ᠤᠯᠠᠮ ᠥᠳᠬᠡᠨ  ᠪᠤᠯᠭᠠᠭᠰᠠᠨ ᠪᠠᠶᠢᠨ᠎ᠠ᠃       ᠲᠤᠰ ᠤᠳᠠᠭᠠᠨ ᠤ 《 ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠵᠢᠯ 》 ᠤᠨ ᠠᠵᠢᠯᠯᠠᠭ᠎ᠠ ᠨᠢ ᠪᠦᠬᠦ ᠬᠤᠰᠢᠭᠤᠨ ᠤ ᠥᠷᠭᠡᠨ ᠣᠯᠠᠨ ᠲᠦᠮᠡᠨ ᠳᠤ ᠪᠠᠶᠠᠯᠢᠭ ᠰᠠᠶᠢᠬᠠᠨ ᠰᠢᠨ᠎ᠡ ᠵᠢᠯ ᠤᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ᠂ ᠨᠡᠩ ᠴᠤ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠨᠢᠭᠡᠨ ᠴᠢᠬᠤᠯᠠ ᠲᠠᠪᠴᠠᠩ ᠣᠯᠭᠤᠭᠰᠠᠨ ᠪᠦᠭᠡᠳ ᠬᠥᠮᠦᠰ ᠲᠤ ᠪᠣᠳᠠᠰ ᠤᠨ ᠪᠤᠰᠤ ᠰᠣᠶᠣᠯ ᠤᠨ ᠥᠪ ᠢ ᠭᠦᠨᠵᠡᠭᠡᠢ ᠤᠶᠢᠯᠠᠭᠠᠭᠤᠯᠵᠤ᠂ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠳᠤ ᠵᠣᠷᠢᠭᠤᠯᠤᠭᠰᠠᠨ ᠥᠨᠢᠷ ᠰᠠᠶᠢᠬᠠᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠲᠦᠮᠡᠨ ᠳᠤ ᠪᠠᠶᠠᠷ ᠬᠥᠷᠲᠡᠢ᠂ ᠡᠶ᠎ᠡ ᠨᠠᠶᠢᠷ ᠲᠠᠢ᠂ ᠤᠳᠬ᠎ᠠ ᠠᠭᠤᠯᠭ᠎ᠠ ᠲᠠᠢ ᠴᠠᠭᠠᠨ ᠰᠠᠷ᠎ᠠ ᠶᠢᠨ ᠥᠯᠵᠡᠶᠢᠲᠦ ᠡᠳᠦᠷ ᠢ ᠥᠩᠭᠡᠷᠡᠭᠦᠯᠵᠡᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠰᠣᠷᠣᠨ᠎ᠠ   ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2