ᠰᠢᠨᠬᠤᠸᠠ ᠨᠣᠮ ᠤᠨ ᠳᠡᠯᠭᠡᠭᠦᠷ ᠬᠤᠶᠠᠷ ᠮᠢᠩᠭ᠎ᠠ ᠬᠤᠷᠢᠨ ᠲᠠᠪᠤᠨ ᠣᠨ ᠤ ᠬᠠᠪᠤᠷ ᠤᠨ ᠤᠯᠠᠷᠢᠯ ᠤᠨ | ᠵᠢᠭᠠᠬᠤ ᠮᠠᠲ᠋ᠧᠷᠢᠶᠠᠯ ᠢ ᠪᠦᠬᠦ ᠬᠦᠴᠦ ᠪᠠᠷ ᠢᠶᠠᠨ ᠪᠠᠲᠤᠯᠠᠵᠤ ᠪᠠᠶᠢᠭ᠎ᠠ | | 2025 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠠᠭ ᠡᠳᠦᠷ ᠢᠷᠡᠬᠦᠶ᠎ᠡ ᠣᠶᠢᠷᠠᠲᠤᠬᠤ ᠶᠢ | ᠳᠠᠭᠠᠯᠳᠤᠨ᠂ ᠰᠢᠨᠬᠤᠸᠠ ᠨᠣᠮ ᠤᠨ ᠳᠡᠯᠭᠡᠭᠦᠷ ᠤᠨ ᠵᠢᠭᠠᠬᠤ ᠮᠠᠲ᠋ᠧᠷᠢᠶᠠᠯ ᠤᠨ ᠬᠡᠯᠲᠡᠰ ᠤᠨ ᠠᠵᠢᠯᠲᠠᠳ ᠶᠠᠭ ᠪᠠᠴᠢᠮ | ᠶᠠᠭᠠᠷᠠᠤ ᠬᠢᠴᠢᠶᠡᠯ ᠤᠨ ᠮᠠᠲ᠋ᠧᠷᠢᠶᠠᠯ ᠢ ᠲᠠᠷᠬᠠᠭᠠᠨ ᠬᠦᠷᠭᠡᠬᠦ ᠠᠵᠢᠯ ᠳᠠᠭᠠᠨ ᠪᠦᠬᠦ ᠬᠦᠴᠦᠨ ᠢᠶᠠᠷ ᠢᠶᠠᠨ ᠣᠷᠣᠯᠴᠠᠵᠤ | ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢᠨ ᠵᠢᠭᠠᠬᠤ | ᠮᠠᠲ᠋ᠧᠷᠢᠶᠠᠯ ᠢ ᠪᠦᠬᠦ ᠬᠦᠴᠦ ᠪᠠᠷ ᠢᠶᠠᠨ ᠪᠠᠲᠤᠯᠠᠵᠤ ᠪᠠᠶᠢᠨ᠎ᠠ᠃ | ᠵᠢᠭᠠᠬᠤ ᠮᠠᠲ᠋ᠧᠷᠢᠶᠠᠯ ᠢ ᠡᠯ᠎ᠡ ᠰᠤᠷᠭᠠᠭᠤᠯᠢ ᠳᠤ ᠲᠣᠭᠲᠠᠭᠰᠠᠨ ᠴᠠᠭ ᠲᠤ ᠬᠦᠷᠭᠡᠬᠦ ᠶᠢᠨ ᠲᠥᠯᠥᠭᠡ᠂ | ᠰᠢᠨᠬᠤᠸᠠ ᠨᠣᠮ ᠤᠨ ᠳᠡᠯᠭᠡᠭᠦᠷ ᠡᠯ᠎ᠡ ᠰᠤᠷᠭᠠᠭᠤᠯᠢ ᠯᠤᠭ᠎ᠠ ᠨᠢᠭᠲᠠ ᠨᠡᠪᠲᠡᠷᠡᠯᠴᠡᠭᠡ ᠠᠪᠴᠤ᠂ ᠰᠤᠷᠭᠠᠭᠤᠯᠢ ᠶᠢᠨ | ᠬᠡᠷᠡᠭᠴᠡᠭᠡ ᠱᠠᠭᠠᠷᠳᠠᠯᠭ᠎ᠠ ᠪᠣᠯᠤᠨ ᠬᠦᠯᠢᠶᠡᠨ ᠠᠪᠤᠭᠰᠠᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠵᠢᠭᠠᠬᠤ | ᠮᠠᠲ᠋ᠧᠷᠢᠶᠠᠯ ᠣᠯᠭᠤᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠤᠳᠤᠬᠠᠨ ᠪᠤᠯᠲᠠᠯ᠎ᠠ᠂ | 90% ᠤᠨ ᠵᠢᠭᠠᠬᠤ ᠮᠠᠲ᠋ᠧᠷᠢᠶᠠᠯ ᠢ ᠬᠤᠪᠢᠶᠠᠨ ᠲᠠᠷᠬᠠᠭᠠᠵᠤ᠂ ᠪᠤᠰᠤᠳ ᠵᠢᠭᠠᠬᠤ ᠮᠠᠲ᠋ᠧᠷᠢᠶᠠᠯ ᠢ ᠪᠠᠰᠠ ᠪᠠᠴᠢᠮ | ᠪᠥᠭᠡᠳ ᠡᠮᠬᠢ ᠲᠠᠢ ᠲᠣᠬᠢᠷᠠᠭᠤᠯᠤᠨ ᠬᠦᠷᠭᠡᠵᠦ ᠪᠣᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |