ᠮᠠᠨ ᠤ ᠬᠤᠰᠢᠭᠤ ᠠᠪᠤᠷᠭᠤ ᠭᠦᠷᠪᠡᠯ ᠤᠨ ᠨᠴᠢᠯᠠᠭᠤᠵᠢᠮᠠᠯ ᠢ ᠬᠤᠯᠠᠭᠠᠶᠢᠯᠠᠨ ᠠᠭᠤᠳᠠᠯᠬᠤ ᠶᠢ ᠴᠡᠭᠴᠡᠯᠡᠨ | ᠵᠠᠰᠠᠬᠤ ᠠᠵᠢᠯ ᠤᠨ ᠬᠤᠷᠠᠯ ᠬᠢᠭᠰᠡᠨ | | ᠣᠶᠢᠷ᠎ᠠ ᠳᠤ᠂ᠮᠠᠨ ᠤ ᠬᠤᠰᠢᠭᠤ ᠠᠪᠤᠷᠭᠤ ᠭᠦᠷᠪᠡᠯ ᠤᠨ ᠨᠴᠢᠯᠠᠭᠤᠵᠢᠮᠠᠯ ᠢ ᠬᠤᠯᠠᠭᠠᠶᠢᠯᠠᠨ ᠠᠭᠤᠳᠠᠯᠬᠤ ᠶᠢ | ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠰᠢᠦᠸᠠᠢ ᠴᠦᠨ ᠬᠤᠷᠠᠯ ᠡᠷᠬᠢᠯᠡᠪᠡ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ 《 | ᠲᠠᠪᠤᠨ ᠶᠡᠭᠡ ᠡᠭᠦᠷᠭᠡ 》 ᠶᠢᠨ ᠠᠵᠢᠯ ᠢ ᠠᠬᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ | ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ | ᠬᠢᠯᠢ ᠬᠢᠵᠠᠭᠠᠷ ᠤᠨ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ | ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ | ᠣᠷᠣᠯᠴᠠᠭᠰᠠᠨ᠂ ᠬᠠᠮᠲᠤᠪᠠᠷ ᠬᠢᠨᠠᠯᠲᠠ ᠲᠠᠯᠪᠢᠬᠤ ᠰᠠᠶᠢᠨ ᠰᠠᠶᠢᠬᠠᠨ ᠣᠷᠴᠢᠨ ᠠᠬᠤᠢ ᠶᠢ ᠦᠨᠡᠨᠬᠦ ᠪᠣᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠸᠠᠩ ᠵᠢᠶᠠᠩ᠂ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠵᠠᠩ ᠷᠦᠢ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ᠂ ᠰᠤᠮᠤ ᠰᠢᠶᠠᠩ | ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠲᠤ ᠣᠷᠣᠯᠴᠠᠪᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |