ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠴᠠᠬᠢᠯᠭᠠᠨ ᠦᠢᠯᠡᠰ ᠤᠨ ᠲᠣᠪᠴᠢᠶ᠎ᠠ | ᠵᠠᠩᠭᠠᠨ ᠰᠤᠮᠤᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ | ᠪᠠᠶᠢᠨ᠎ᠠ | | ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠪᠠᠶᠠᠷ ᠬᠥᠷ ᠲᠠᠢ ᠪᠠᠶᠠᠷ ᠤᠨ ᠡᠳᠦᠷ ᠤᠨ ᠣᠷᠴᠢᠨ ᠲᠣᠭᠤᠷᠢᠨ ᠢ | ᠦᠨᠡᠨᠬᠦ ᠪᠣᠢ ᠪᠣᠯᠭᠠᠬᠤ ᠶᠢᠨ ᠲᠥᠯᠥᠭᠡ᠂ ᠪᠠᠶᠠᠷ ᠤᠨ ᠡᠳᠦᠷ ᠤᠨ ᠬᠤᠭᠤᠴᠠᠭᠠᠨ ᠳᠤ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ᠂ ᠴᠠᠬᠢᠯᠭᠠᠨ ᠦᠢᠯᠡᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠮᠥᠷᠡᠨ ᠤ ᠡᠷᠭᠢ ᠰᠤᠮᠤ ᠶᠢᠨ ᠬᠤᠯᠪᠣᠭᠠᠲᠤ ᠬᠢᠯᠢ ᠳᠤ ᠲᠣᠮᠢᠯᠠᠨ ᠣᠴᠢᠭᠤᠯᠤᠭᠰᠠᠨ ᠪᠠ | ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠵᠠᠩᠭᠠᠨ ᠰᠤᠮᠤᠨ ᠤ ᠬᠠᠷᠢᠶᠠᠲᠤ ᠣᠷᠣᠨ ᠤ | ᠳᠣᠲᠣᠷ᠎ᠠ ᠪᠠᠶᠠᠷ ᠳᠤᠷᠠᠰᠬᠠᠯ ᠤᠨ ᠡᠳᠦᠷ ᠤᠨ ᠡᠮᠦᠨᠡᠬᠢ ᠠᠮᠤᠷ ᠲᠦᠪᠰᠢᠨ ᠤ ᠦᠢᠯᠡᠳᠪᠦᠷᠢᠯᠡᠯ ᠤᠨ ᠪᠠᠶᠢᠴᠠᠭᠠᠯᠲᠠ | ᠬᠢᠵᠡᠢ᠃ | | | | | | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠡᠰᠡᠭ ᠬᠥᠮᠦᠰ ᠤᠨ ᠤᠤᠭᠤᠬᠤ ᠬᠤᠳᠳᠤᠭ᠂ | ᠴᠠᠬᠢᠯᠭᠠᠨ ᠬᠠᠩᠭᠠᠬᠤ ᠱᠤᠭᠤᠮ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ᠂ | ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠶᠠᠩ ᠠᠨ ᠰᠤᠮᠤᠨ ᠤ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃ | | | | | | ᠪᠠᠶᠢᠴᠠᠭᠠᠬᠤ ᠳᠤᠭᠤᠶᠢᠯᠠᠩ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ | ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠠᠶᠤᠯᠭᠦᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢ ᠪᠠᠶ᠋ᠢᠩᠭᠤᠵᠢᠭᠤᠯᠵᠤ᠂ ᠠᠮᠤᠷ | ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠣᠯᠠᠨ ᠲᠦᠮᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ | ᠰᠠᠬᠢᠵᠤ᠂ ᠠᠮᠤᠷ ᠲᠦᠪᠰᠢᠨ᠂ ᠰᠠᠨᠠᠭ᠎ᠠ ᠠᠮᠤᠷ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠣᠢ ᠪᠣᠯᠭᠠᠬᠤ | ᠬᠡᠷᠡᠭᠲᠡᠢ᠃ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |