ᠬᠤᠩᠭᠤᠷ ᠰᠤᠮᠤ ᠶᠢᠨ ᠪᠠᠶᠢᠭᠤᠯᠭ᠎ᠠ ᠶᠢᠨ ᠨᠠᠮ ᠤᠨ ᠡᠭᠦᠷ 《 ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠰᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/20
      ᠬᠤᠩᠭᠤᠷ ᠰᠤᠮᠤ ᠶᠢᠨ ᠪᠠᠶᠢᠭᠤᠯᠭ᠎ᠠ ᠶᠢᠨ ᠨᠠᠮ ᠤᠨ ᠡᠭᠦᠷ 《 ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠰᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ       ᠣᠶᠢᠷ᠎ᠠ ᠶᠢᠨ ᠡᠳᠦᠷ᠂ ᠬᠤᠩᠭᠤᠷ ᠰᠤᠮᠤ ᠶᠢᠨ ᠨᠠᠮ ᠤᠨ ᠡᠭᠦᠷ 《 ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃ ᠰᠤᠮᠤ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠤᠮᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠭᠡᠰᠢᠭᠦᠨ᠂ ᠡᠯ᠎ᠡ ᠭᠠᠴᠠᠭᠠᠨ ᠤ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠠᠵᠢᠯᠯᠠᠭ᠎ᠠ ᠳᠤ ᠣᠷᠣᠯᠴᠠᠵᠠᠢ᠃ ᠬᠤᠷᠠᠯ ᠨᠢ ᠬᠤᠩᠭᠤᠷ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ ᠵᠣᠣ ᠰᠢᠶᠣᠤ ᠨᠥᠬᠦᠷ ᠡᠷᠬᠢᠯᠡᠪᠡ᠃ ᠬᠤᠷᠠᠯᠳᠤᠭᠠᠨ ᠨᠢ ᠨᠡᠶᠢᠲᠡ ᠵᠢᠷᠭᠤᠭᠠᠨ ᠵᠥᠪᠯᠡᠬᠦ ᠵᠦᠢᠯ ᠳᠤ ᠬᠤᠪᠢᠶᠠᠭᠳᠠᠪᠠ᠄      ᠨᠢᠭᠡᠳᠦᠭᠡᠷ ᠵᠥᠪᠯᠡᠬᠦ ᠵᠦᠢᠯ᠄ ᠤᠯᠤᠰ ᠤᠨ ᠳᠠᠭᠤᠤ ᠶᠢ ᠬᠥᠭᠵᠢᠮᠳᠡᠵᠦ ᠳᠠᠭᠤᠯᠠᠵᠤ      ᠬᠤᠶᠠᠳᠤᠭᠠᠷ ᠵᠥᠪᠯᠡᠬᠦ ᠵᠦᠢᠯ᠄ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠦᠨ᠎ᠡ      ᠭᠤᠷᠪᠠᠳᠤᠭᠠᠷ ᠵᠥᠪᠯᠡᠬᠦ ᠵᠦᠢᠯ᠄ 《 ᠨᠢᠭᠡᠳᠦᠭᠡᠷ ᠵᠥᠪᠯᠡᠬᠦ ᠰᠡᠳᠦᠪ 》 ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠩᠭᠤᠷ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠵᠣᠣ ᠰᠢᠶᠣᠤ ᠯᠢᠩ ᠶᠡᠷᠦᠩᠬᠡᠢ ᠱᠦᠵᠢ ᠰᠢ ᠶᠢᠨ ᠫᠢᠩ ᠨᠥᠬᠦᠷ ᠤᠨ ᠮᠡᠨᠳᠦᠯᠡᠭᠰᠡᠨ 100 ᠵᠢᠯ ᠤᠨ ᠣᠢ ᠶᠢ ᠳᠤᠷᠠᠰᠬᠠᠬᠤ ᠰᠠᠭᠤᠳᠠᠯ ᠤᠨ ᠬᠤᠷᠠᠯ ᠤᠨ ᠴᠢᠬᠤᠯᠠ ᠶᠠᠷᠢᠶ᠎ᠠ ᠶᠢ ᠰᠤᠷᠤᠯᠴᠠᠵᠠᠢ      ᠳᠥᠷᠪᠡᠳᠦᠭᠡᠷ ᠵᠥᠪᠯᠡᠬᠦ ᠵᠦᠢᠯ᠄ ᠨᠠᠮ ᠤᠨ ᠬᠤᠷᠢᠶ᠎ᠠ ᠶᠢᠨ ᠳᠡᠳ᠋ ᠱᠦᠵᠢ ᠵᠣᠣ ᠰᠢᠶᠣᠤ 《 ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠳᠠᠭᠠᠭᠤᠯᠤᠨ ᠰᠤᠷᠤᠯᠴᠠᠨ᠎ᠠ᠃ ᠰᠤᠮᠤ ᠶᠢᠨ ᠨᠠᠮ ᠤᠨ ᠭᠡᠰᠢᠭᠦᠨ ᠪᠦᠬᠦ ᠺᠠᠳ᠋ᠷ ᠶᠡᠷᠦᠩᠬᠡᠢ ᠱᠦᠵᠢ ᠰᠢ ᠶᠢᠨ ᠫᠢᠩ ᠡᠴᠡ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠠᠷ ᠠᠩᠬᠠᠷᠤᠯ ᠢᠶᠠᠨ ᠲᠥᠪᠯᠡᠷᠡᠭᠦᠯᠵᠦ᠂ ᠰᠤᠮᠤ ᠪᠠᠯᠭᠠᠰᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠣᠳᠣᠬᠢᠴᠢᠯᠠᠭᠰᠠᠨ ᠮᠠᠯᠵᠢᠬᠤ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠪᠤᠳᠤᠭᠠᠷ ᠵᠥᠪᠯᠡᠬᠦ ᠵᠦᠢᠯ᠄ ᠬᠤᠩᠭᠤᠷ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠠᠢ ᠴᠢᠤᠸᠠᠨ ᠨᠥᠬᠦᠷ 《 ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ 》 ᠶᠢ ᠤᠳᠤᠷᠢᠳᠤᠨ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠨᠠᠷ ᠢ ᠬᠠᠪᠰᠤᠷᠤᠨ ᠰᠢᠨ᠎ᠡ ᠡᠬᠢᠯᠡᠯᠲᠡ ᠶᠢᠨ ᠴᠢᠭ ᠳᠡᠭᠡᠷ᠎ᠡ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠪᠦᠬᠦ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠲᠤᠰ ᠪᠡᠶ᠎ᠡ ᠶᠢᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃      ᠵᠢᠷᠭᠤᠳᠤᠭᠠᠷ ᠵᠤᠷᠪᠤᠰ ᠨᠢ᠄ ᠨᠠᠮ ᠤᠨ ᠰᠦᠢᠳᠬᠡᠯ ᠲᠤᠰᠢᠶᠠᠨ᠎ᠠ᠃       ᠬᠤᠷᠠᠯ ᠤᠨ ᠦᠷ᠎ᠡ ᠪᠦᠲᠦᠮᠵᠢ᠄ ᠡᠨᠡ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ᠪᠠᠷ ᠳᠠᠮᠵᠢᠨ᠂ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠣᠳᠣᠯᠬᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠣᠯᠭᠠᠵᠤ᠂ ᠠᠩᠬᠠᠨ ᠤ ᠵᠣᠷᠢᠯᠲᠠ ᠪᠠᠨ ᠨᠡᠩ ᠪᠠᠲᠤ ᠴᠢᠩᠭ᠎ᠠ ᠤᠬᠠᠮᠰᠠᠷ ᠲᠠᠢ ᠪᠠᠷ ᠪᠡᠶᠡᠯᠡᠭᠦᠯᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠣᠷᠢᠭᠲᠠᠢ ᠪᠠᠷ ᠤᠷᠤᠭᠰᠢᠯᠠᠨ᠂ ᠰᠤᠮᠤ  ᠶᠢᠨ ᠡᠯ᠎ᠡ ᠲᠥᠷᠥᠯ ᠤᠨ ᠠᠵᠢᠯ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠵᠣᠷᠢᠭᠤᠯᠤᠨ᠎ᠠ ᠭᠡᠵᠦ ᠢᠯᠡᠷᠬᠡᠶᠢᠯᠡᠯ᠎ᠡ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2