ᠳᠥᠷᠪᠡᠳ ᠬᠤᠰᠢᠭᠤ 《 ᠬᠤᠶᠠᠷ ᠬᠤᠷᠠᠯ 》 ᠤᠨ ᠨᠠᠮ ᠤᠨ ᠭᠡᠰᠢᠭᠦᠨ ᠲᠥᠯᠥᠭᠡᠯᠡᠭᠴᠢ ᠨᠠᠮ ᠤᠨ ᠭᠡᠰᠢᠭᠦᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
      ᠳᠥᠷᠪᠡᠳ ᠬᠤᠰᠢᠭᠤ 《 ᠬᠤᠶᠠᠷ ᠬᠤᠷᠠᠯ 》 ᠤᠨ ᠨᠠᠮ ᠤᠨ ᠭᠡᠰᠢᠭᠦᠨ ᠲᠥᠯᠥᠭᠡᠯᠡᠭᠴᠢ ᠨᠠᠮ ᠤᠨ ᠭᠡᠰᠢᠭᠦᠨ ᠤ ᠬᠤᠷᠠᠯ ᠬᠤᠷᠠᠯᠳᠤᠭᠤᠯᠪᠠ       2  ᠰᠠᠷ᠎ᠠ  ᠶᠢᠨ 12  ᠤ ᠡᠳᠦᠷ᠂ ᠳᠥᠷᠪᠡᠳ ᠬᠤᠰᠢᠭᠤ 《 ᠬᠤᠶᠠᠷ ᠬᠤᠷᠠᠯ 》 ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠤ ᠬᠤᠷᠠᠯ ᠬᠤᠷᠠᠯᠳᠤᠭᠤᠯᠵᠤ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠤᠬᠠᠭᠤᠯᠤᠨ ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦᠯᠳᠡ ᠬᠤᠷᠠᠯ ᠡᠷᠬᠢᠯᠡᠪᠡ᠃
2.14+1.jpg
      ᠢᠦᠢ ᠳ᠋ᠠᠢ ᠴᠢᠩ᠂ ᠨᠠᠮ ᠤᠨ ᠭᠡᠰᠢᠭᠦᠨ᠂ ᠥᠪᠡᠷ ᠢᠶᠠᠨ ᠲᠥᠯᠥᠭᠡᠯᠡᠭᠴᠢ ᠮᠥᠷᠲᠡᠭᠡᠨ ᠨᠠᠮ ᠤᠨ ᠭᠡᠰᠢᠭᠦᠨ ᠤ ᠳᠠᠪᠬᠤᠷ ᠭᠠᠷᠤᠯ ᠮᠥᠨ ᠭᠡᠳᠡᠭ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠤᠬᠠᠮᠰᠠᠷ‌‍ᠠ᠋ᠴᠠ ᠪᠠᠨ ᠨᠢᠭᠡᠳᠬᠡᠵᠦ᠂ ᠨᠠᠮ ᠤᠨ ᠦᠢᠯᠡᠰ ᠲᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ᠂ ᠳᠥᠷᠪᠡᠳ ᠬᠤᠰᠢᠭᠤᠨ ᠤ ᠠᠯᠤᠰ ᠬᠡᠳᠦ ᠶᠢᠨ ᠬᠥᠭᠵᠢᠯᠲᠡ ᠳᠤ ᠬᠠᠷᠢᠭᠤᠴᠠᠬᠤ ᠣᠪᠣᠷ ᠢᠶᠠᠷ ᠲᠥᠯᠥᠭᠡᠯᠡᠭᠴᠢ ᠪᠣᠯᠤᠨ ᠭᠡᠰᠢᠭᠦᠳ ᠤᠨ ᠢᠳᠡᠪᠬᠢᠵᠢᠯ ᠢ ᠳᠠᠭᠠᠭᠤᠯᠤᠨ ᠰᠠᠶᠢᠲᠤᠷ ᠳᠠᠶᠢᠴᠢᠯᠠᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ  ᠡᠴᠡ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠡᠭᠦᠷᠭᠡᠯᠡᠵᠦ᠂ ᠦᠯᠢᠭᠡᠷ ᠳᠠᠭᠤᠷᠢᠶᠠᠯ ᠪᠣᠯᠵᠤ᠂ ᠶᠡᠭᠡ ᠬᠤᠷᠠᠯ ᠤᠨ ᠡᠯ᠎ᠡ ᠵᠦᠢᠯ ᠤᠨ ᠪᠢᠴᠢᠭ ᠮᠠᠲ᠋ᠧᠷᠢᠶᠠᠯ ᠢ ᠬᠢᠨᠠᠮᠠᠭᠠᠢ ᠬᠢᠨᠠᠨ ᠵᠥᠪᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠠ ᠰᠣᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠠᠮ ᠤᠨ ᠤᠯᠤᠰ ᠲᠥᠷᠥ ᠶᠢᠨ ᠳᠠᠪᠠᠭᠤᠯᠢᠭ ᠪᠣᠯᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠦᠭᠦᠯᠡᠨ ᠶᠣᠰᠣ ᠳᠦᠷᠢᠮ ᠪᠠ ᠰᠠᠬᠢᠯᠭ᠎ᠠ ᠪᠠᠲᠤ ᠶᠢ ᠰᠠᠬᠢᠵᠤ᠂ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠤᠯᠤᠰ ᠲᠥᠷᠥ ᠶᠢᠨ ᠣᠷᠭᠢᠯᠤᠮ᠎ᠠ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠠᠶᠢᠲᠤᠷ ᠬᠤᠷᠠᠯ ᠬᠢᠵᠦ᠂ 《 ᠬᠤᠶᠠᠷ ᠬᠤᠷᠠᠯ 》 ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ  ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃
2.14+2.jpg
      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ ᠵᠡᠷᠭᠡ ᠬᠤᠰᠢᠭᠤᠨ ᠤ ᠤᠳᠤᠷᠢᠳᠤᠯᠭ᠎ᠠ ᠪᠦᠬᠦ ᠬᠤᠰᠢᠭᠤᠨ ᠤ 《 ᠬᠤᠶᠠᠷ ᠬᠤᠷᠠᠯ 》 ᠤᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠣᠲᠣᠷᠠᠬᠢ ᠨᠠᠮ ᠤᠨ ᠭᠡᠰᠢᠭᠦᠳ ᠬᠤᠷᠠᠯ ᠳᠤ ᠣᠷᠣᠯᠴᠠᠵᠠᠢ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2