ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ | ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠪᠠ | | 2 ᠰᠠᠷ᠎ᠠ ᠶᠢᠨ 15 ᠤ ᠡᠳᠦᠷ᠂ ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠭᠤᠷᠪᠠᠳᠤᠭᠠᠷ ᠪᠦᠭᠦᠳᠡ ᠬᠤᠷᠠᠯ ᠬᠢᠪᠡ᠃ | | | | | | ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠢᠦᠢ ᠳ᠋ᠠᠢ | ᠴᠢᠩ ᠡᠷᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠬᠦ ᠲᠡᠷᠢᠭᠦᠯᠡᠭᠴᠢ ᠰᠦᠯᠳᠡ᠂ ᠴᠧᠩ ᠭᠤᠸᠠᠩ | ᠾᠦᠢ᠂ ᠠᠯᠲᠠ᠂ ᠵᠠᠩ ᠰᠢᠦᠸᠠᠢ ᠴᠦᠨ᠂ ᠸᠧᠢ ᠵᠢᠶᠠᠨ ᠮᠢᠩ᠂ ᠲᠦᠩ ᠧᠧᠨ ᠬᠤᠸᠠ᠂ ᠵᠣᠣ ᠲᠢᠶᠠᠨ ᠺᠤᠸᠠᠨ᠂ ᠵᠢᠢ | ᠰᠢᠶᠣᠤ ᠫᠧᠩ᠂ ᠯᠦ ᠱᠤ᠋ ᠰᠢᠨ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠡᠴᠡᠤᠭᠤᠸᠠ᠂ ᠤᠷᠢᠬᠠᠨ ᠂ ᠹᠠᠨ ᡁᠢ ᠯᠢᠶᠠᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃ | ᠬᠤᠷᠠᠯ ᠳᠤ ᠣᠷᠣᠯᠴᠠᠬᠤ ᠲᠥᠯᠥᠭᠡᠯᠡᠭᠴᠢ 174 ᠬᠥᠮᠦᠨ᠂ ᠪᠣᠳᠠᠲᠠᠢ ᠲᠥᠯᠥᠭᠡᠯᠡᠭᠴᠢ 154 ᠬᠥᠮᠦᠨ᠂ | ᠬᠠᠤᠯᠢ ᠳᠤ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠶᠡᠭᠡ ᠬᠤᠷᠠᠯ ᠡᠴᠡ ᠡᠯ᠎ᠡ ᠲᠤᠰᠢᠶᠠᠯ ᠤᠨ ᠵᠢᠰᠢᠭᠳᠡᠭᠰᠡᠳ ᠤᠨ ᠶᠡᠷᠦᠩᠬᠡᠢ ᠫᠢᠶᠣᠣ ᠬᠢᠨᠠᠭᠴᠢ᠂ ᠫᠢᠶᠣᠣ | ᠬᠢᠨᠠᠭᠴᠢ ᠶᠢᠨ ᠨᠡᠷᠡᠰ ᠢ ᠰᠠᠨᠠᠯ ᠥᠭᠴᠦ ᠪᠠᠲᠤᠯᠠᠨ᠂ ᠡᠯ᠎ᠡ ᠲᠤᠰᠢᠶᠠᠯ ᠤᠨ ᠵᠢᠰᠢᠭᠳᠡᠭᠰᠡᠳ ᠤᠨ ᠶᠡᠷᠦᠩᠬᠡᠢ ᠫᠢᠶᠣᠣ | ᠪᠦᠷᠢᠳᠬᠡᠭᠴᠢ᠂ ᠫᠢᠶᠣᠣ ᠪᠦᠷᠢᠳᠬᠡᠭᠴᠢ ᠨᠡᠷᠡᠰ ᠪᠣᠯᠤᠨ ᠡᠯ᠎ᠡ ᠲᠤᠰᠢᠶᠠᠯ ᠤᠨ ᠵᠢᠩᠬᠢᠨᠢ ᠵᠢᠰᠢᠭᠳᠡᠭᠰᠡᠳ ᠤᠨ ᠨᠡᠷᠡᠰ ᠢ | ᠤᠩᠰᠢᠨ ᠨᠡᠶᠢᠲᠡᠯᠡᠪᠡ᠃ ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ 1᠂ ᠭᠡᠰᠢᠭᠦᠨ 3 ᠬᠥᠮᠦᠨ ᠢ | ᠰᠣᠩᠭᠤᠨ ᠭᠠᠷᠭᠠᠵᠤ᠃ | ᠶᠡᠭᠡ ᠬᠤᠷᠠᠯ ᠡᠴᠡ ᠨᠡᠷ᠎ᠡ ᠦᠯᠦ ᠲᠡᠮᠳᠡᠭᠯᠡᠬᠦ ᠰᠣᠩᠭᠤᠭᠤᠯᠢ ᠶᠢᠨ ᠠᠷᠭ᠎ᠠ ᠪᠠᠷ᠂ ᠯᠦ ᠱᠤ᠋ ᠰᠢᠩ | ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠵᠤ᠂ ᠸᠧᠢ ᠵᠢᠶᠠᠨ ᠮᠢᠩ ᠵᠡᠷᠭᠡ 3 ᠬᠥᠮᠦᠨ ᠳᠥᠷᠪᠡᠳ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠ ᠨᠠᠷ ᠤᠨ ᠭᠡᠷᠡᠴᠢᠯᠡᠭᠰᠡᠨ ᠢᠶᠠᠷ ᠰᠢᠨ᠎ᠡ | ᠪᠠᠷ ᠰᠣᠩᠭᠤᠭᠳᠠᠭᠰᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ᠂ ᠭᠡᠰᠢᠭᠦᠳ ᠦᠨᠳᠦᠰᠦᠨ ᠬᠠᠤᠯᠢ ᠳᠤ ᠲᠠᠩᠭᠠᠷᠢᠭ ᠬᠢᠵᠡᠢ᠃ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |