ᠵᠠᠩᠭᠠᠨ ᠰᠤᠮᠤ ᠳᠤ ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠲᠤᠰᠬᠠᠢ ᠰᠡᠳᠦᠪᠲᠦ | ᠪᠣᠯᠪᠠᠰᠤᠷᠠᠯ ᠤᠨ ᠬᠤᠷᠠᠯ ᠬᠢᠭᠰᠡᠨ | | | ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠢᠨᠠᠯᠲᠠ | ᠲᠠᠯᠪᠢᠬᠤ ᠵᠥᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠵᠠᠩᠭᠠᠨ ᠰᠤᠮᠤ ᠭᠠᠴᠠᠭ᠎ᠠ | ᠲᠣᠰᠬᠤᠨ ᠤ ᠬᠢᠨᠠᠯᠲᠠ ᠲᠠᠯᠪᠢᠬᠤ ᠵᠥᠪᠯᠡᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ | ᠪᠦᠬᠦ ᠰᠤᠮᠤ ᠶᠢᠨ 8 ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠬᠦᠨ ᠢ ᠪᠣᠯᠪᠠᠰᠤᠷᠠᠭᠤᠯᠵᠠᠢ᠃ | | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠠᠵᠢᠯᠲᠠᠳ ᠭᠠᠴᠠᠭᠠᠨ ᠤ ᠬᠢᠨᠠᠯᠲᠠ ᠲᠠᠯᠪᠢᠬᠤ | ᠵᠥᠪᠯᠡᠯ ᠤᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠠᠵᠢᠯ ᠤᠨ ᠳᠦᠷᠢᠮ ᠪᠠ ᠠᠵᠢᠯ ᠤᠨ | ᠡᠭᠦᠷᠭᠡ ᠬᠠᠷᠢᠭᠤᠴᠠᠯᠭ᠎ᠠ ᠵᠢᠴᠢ ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠬᠢᠨᠠᠯᠲᠠ ᠲᠠᠯᠪᠢᠬᠤ ᠠᠵᠢᠯ ᠤᠨ | ᠳᠡᠰ ᠳᠠᠷᠠᠭᠠᠯᠠᠯ᠂ ᠡᠷᠬᠡ ᠪᠠ ᠡᠭᠦᠷᠭᠡ ᠵᠡᠷᠭᠡ ᠶᠢ ᠰᠤᠷᠤᠯᠴᠠᠵᠠᠢ᠃ ᠣᠳᠣᠬᠠᠨ ᠤ ᠭᠠᠴᠠᠭᠠᠨ ᠤ ᠬᠢᠨᠠᠯᠲᠠ ᠲᠠᠯᠪᠢᠬᠤ | ᠭᠡᠰᠢᠭᠦᠳ ᠤᠨ ᠡᠭᠦᠷᠭᠡ ᠬᠠᠷᠢᠭᠤᠴᠠᠯᠭ᠎ᠠ ᠲᠣᠳᠣᠷᠬᠠᠢ ᠦᠭᠡᠢ᠂ ᠡᠭᠦᠷᠭᠡ ᠴᠢᠳᠠᠪᠤᠷᠢ ᠲᠣᠳᠣᠷᠬᠠᠢ ᠦᠭᠡᠢ | ᠠᠰᠠᠭᠤᠳᠠᠯ ᠳᠤ ᠴᠢᠭᠯᠡᠭᠦᠯᠦᠨ᠂ ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠡᠭᠦᠷᠭᠡ ᠬᠠᠷᠢᠭᠤᠴᠠᠯᠭ᠎ᠠ᠂ ᠡᠷᠬᠡ | ᠮᠠᠲᠠᠯ᠂ ᠠᠵᠢᠯ ᠢ ᠬᠡᠷᠬᠢᠨ ᠥᠷᠨᠢᠭᠦᠯᠬᠦ᠂ ᠭᠠᠴᠠᠭᠠᠨ ᠤ 《 ᠬᠤᠶᠠᠷ ᠵᠥᠪᠯᠡᠯ 》 ᠤᠨ ᠬᠠᠷᠢᠴᠠᠭ᠎ᠠ᠂ ᠳᠡᠰ | ᠳᠠᠷᠠᠭᠠᠯᠠᠯ ᠳᠤ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠰᠢᠰᠲ᠋ᠧᠮ ᠲᠠᠢ ᠪᠣᠯᠪᠠᠰᠤᠷᠠᠯ ᠬᠢᠵᠦ᠂ ᠭᠠᠴᠠᠭᠠᠨ ᠳᠤ | ᠬᠢᠨᠠᠯᠲᠠ ᠲᠠᠯᠪᠢᠬᠤ ᠵᠥᠪᠯᠡᠯ ᠤᠨ ᠠᠵᠢᠯ ᠪᠠ ᠬᠥᠭᠵᠢᠯᠲᠡ ᠶᠢᠨ ᠴᠢᠭᠯᠡᠯ ᠢ ᠲᠣᠳᠣᠷᠬᠠᠢ ᠪᠣᠯᠭᠠᠭᠰᠠᠨ ᠤ ᠬᠠᠮᠲᠤ᠂ | ᠡᠯ᠎ᠡ ᠬᠦᠷᠢᠶ᠎ᠡ ᠬᠡᠪᠴᠢᠶᠡᠨ ᠳᠠᠬᠢ ᠭᠤᠣᠯᠳᠠᠯᠭ᠎ᠠ ᠲᠠᠢ ᠠᠵᠢᠯ᠂ ᠭᠠᠴᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ᠂ | ᠬᠠᠮᠲᠤ ᠶᠢᠨ ᠠᠵᠤ ᠠᠬᠤᠢ᠂ ᠢᠯᠡ ᠨᠡᠶᠢᠲᠡᠯᠡᠬᠦ ᠵᠡᠷᠭᠡ ᠠᠵᠢᠯ ᠢ ᠭᠦᠨᠵᠡᠭᠡᠢ ᠬᠢᠨᠠᠵᠤ᠂ 《 ᠵᠢᠵᠢᠭ ᠰᠠᠵᠢᠭ | ᠠᠰᠠᠭᠤᠳᠠᠯ 》 ᠵᠢᠴᠢ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ | ᠡᠷᠲᠡᠬᠡᠨ ᠣᠯᠵᠤ ᠮᠡᠳᠡᠬᠦ ᠪᠠ ᠵᠠᠯᠠᠷᠠᠭᠤᠯᠬᠤ ᠶᠢ ᠱᠠᠭᠠᠷᠳᠠᠭᠰᠠᠨ ᠪᠠᠶᠢᠨ᠎ᠠ᠃ | ᠬᠤᠷᠠᠯ ᠡᠴᠡ ᠱᠠᠭᠠᠷᠳᠠᠭᠰᠠᠨ ᠨᠢ᠂ ᠡᠯ᠎ᠡ ᠭᠠᠴᠠᠭᠠᠨ ᠤ ᠬᠢᠨᠠᠯᠲᠠ ᠲᠠᠯᠪᠢᠬᠤ ᠵᠥᠪᠯᠡᠯ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠢᠨᠠᠯᠲᠠ ᠲᠠᠯᠪᠢᠬᠤ ᠵᠥᠪᠯᠡᠯ ᠤᠨ ᠡᠷᠬᠡ ᠪᠠ ᠡᠭᠦᠷᠭᠡ ᠪᠠᠨ | ᠲᠣᠳᠣᠷᠬᠠᠶᠢᠯᠠᠨ᠂ ᠢᠳᠡᠪᠬᠢᠲᠡᠢ ᠣᠷᠣᠯᠴᠠᠨ᠂ ᠰᠠᠨᠠᠭᠠᠴᠢᠯᠠᠭ᠎ᠠ ᠲᠠᠢ ᠪᠠᠷ ᠬᠠᠮᠵᠢᠯᠴᠠᠵᠤ᠂ ᠭᠠᠴᠠᠭᠠᠨ ᠤ 《 ᠬᠤᠶᠠᠷ | ᠵᠥᠪᠯᠡᠯ 》 ᠤᠨ ᠪᠠᠭ ᠪᠣᠯᠤᠨ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ | ᠤᠳᠤᠷᠢᠳᠤᠯᠭ᠎ᠠ ᠳᠡᠭᠡᠷ᠎ᠡ ᠨᠢᠭᠲᠡ ᠪᠦᠯᠬᠦᠮᠳᠡᠵᠦ᠂ ᠰᠤᠷᠲᠠᠯ ᠴᠢᠬᠡᠴᠢ᠂ ᠡᠶ᠎ᠡ ᠵᠣᠬᠢᠴᠠᠩᠭᠤᠢ ᠲᠣᠭᠲᠠᠭᠤᠨ | ᠠᠮᠢᠳᠤᠷᠠᠯ ᠢ ᠴᠣᠭᠴᠠᠯᠠᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ᠃ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |