ᠵᠦᠩ ᠵᠢᠶᠠ ᠲᠠᠷᠢᠶᠠᠯᠠᠩ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠨ ᠰᠢᠨ᠎ᠡ ᠵᠢᠯ ᠤᠨ ᠡᠯᠪᠡᠭ ᠬᠤᠷᠢᠶᠠᠯᠲᠠ | ᠪᠠᠨ ᠬᠤᠷᠦ᠋ᠢᠯᠠᠨ᠎ᠠ | | ᠣᠶᠢᠷ᠎ᠠ ᠳᠤ᠂ ᠡᠯ᠎ᠡ ᠵᠦᠢᠯ ᠤᠨ ᠦᠢᠯᠡᠳᠪᠦᠷᠢᠯᠡᠯ ᠤᠨ ᠭᠤᠭᠴᠤᠭ᠎ᠠ ᠶᠢᠨ ᠠᠵᠢᠯ ᠡᠮᠬᠢ ᠵᠢᠷᠤᠮ ᠲᠠᠢ | ᠶᠠᠪᠤᠭᠳᠠᠬᠤ ᠶᠢ ᠳᠠᠭᠠᠯᠳᠤᠨ᠂ ᠵᠦᠩ ᠵᠢᠶᠠ ᠲᠠᠷᠢᠶᠠᠯᠠᠩ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ《ᠰᠢᠨ᠎ᠡ | ᠵᠢᠯ ᠤᠨ ᠤᠷᠠᠢ ᠳᠠᠭᠤᠤ》 ᠶᠢ ᠬᠠᠩᠭᠢᠨᠠᠭᠤᠯᠵᠤ᠂ 2025 ᠣᠨ ᠤ ᠬᠥᠭᠵᠢᠯᠲᠡ ᠶᠢᠨ《ᠤᠷᠢᠶ᠎ᠠ》 ᠶᠢ ᠪᠦᠬᠦ | ᠬᠦᠴᠦᠨ ᠢᠶᠠᠷ ᠢᠶᠠᠨ ᠱᠤᠭᠤᠵᠤ ᠪᠠᠶᠢᠨ᠎ᠠ᠃ | ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠠᠵᠢᠯ ᠰᠡᠷᠭᠦᠭᠡᠯᠳᠡ ᠦᠢᠯᠡᠳᠪᠦᠷᠢᠯᠡᠯ ᠨᠢ ᠠᠵᠤ ᠠᠬᠤᠶᠢᠯᠠᠯ ᠤᠨ ᠲᠤᠰ ᠪᠡᠶ᠎ᠡ ᠶᠢᠨ ᠬᠥᠭᠵᠢᠯᠲᠡ ᠳᠤ ᠰᠢᠨ᠎ᠡ | ᠲᠣᠬᠢᠶᠠᠯ ᠠᠪᠴᠢᠷᠠᠭᠰᠠᠨ ᠢᠶᠠᠷ ᠪᠠᠷᠠᠬᠤ ᠦᠭᠡᠢ᠂ ᠣᠶᠢᠷ᠎ᠠ ᠬᠠᠪᠢ ᠶᠢᠨ ᠲᠠᠷᠢᠶᠠᠴᠢᠨ ᠡᠷᠦᠬᠡ ᠳᠤ ᠨᠡᠩ ᠣᠯᠠᠨ | ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠵᠠ ᠲᠣᠬᠢᠶᠠᠯ ᠤᠯᠭᠤᠵᠦ᠂ ᠨᠡᠩ ᠴᠤ ᠮᠠᠨ ᠤ | ᠬᠤᠰᠢᠭᠤᠨ ᠤ ᠲᠤᠬᠠᠢ ᠶᠢᠨ ᠭᠠᠵᠠᠷ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠠᠵᠢᠯᠲᠠᠳ ᠣᠷᠭᠢᠯᠤᠮ᠎ᠠ ᠬᠠᠯᠠᠭᠤᠨ ᠲᠡᠮᠡᠴᠡᠯ ᠤᠨ | ᠵᠣᠷᠢᠭ ᠢᠶᠠᠷ ᠰᠢᠨ᠎ᠡ ᠬᠠᠷᠠᠯᠲᠠ ᠵᠦᠭ ᠲᠣᠮᠣ ᠠᠯᠬᠤᠮ ᠢᠶᠠᠷ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠨᠢᠭᠡᠨ ᠭᠤᠶᠣ ᠵᠢᠷᠤᠭ ᠲᠥᠯᠥᠪᠯᠡᠭᠡ ᠶᠢ ᠶᠠᠭ ᠰᠠᠶᠢᠬᠠᠨ ᠱᠤᠭᠤᠵᠤ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠰᠦᠩ ᠰᠢᠶᠣᠣ ᠢᠦᠢ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |