ᠮᠠᠨ ᠤ ᠬᠤᠰᠢᠭᠤᠨ ᠤ ᠬᠢᠨ ᠬᠤᠶᠠᠷ ᠮᠢᠩᠭ᠎ᠠ ᠬᠤᠷᠢᠨ ᠲᠠᠪᠤᠨ ᠣᠨ ᠤ ᠳᠡᠭᠡᠷ᠎ᠡ ᠬᠠᠭᠠᠰ ᠵᠢᠯ ᠤᠨ ᠴᠡᠷᠢᠭ | ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠭᠰᠡᠨ | | ᠣᠶᠢᠷ᠎ᠠ ᠳᠤ᠂ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠪᠡᠶ᠎ᠡ ᠪᠠᠶᠢᠴᠠᠭᠠᠬᠤ ᠠᠵᠢᠯ ᠪᠦᠬᠦ | ᠲᠠᠯ᠎ᠠ ᠪᠠᠷ ᠡᠬᠢᠯᠡᠵᠦ᠂ ᠴᠡᠷᠢᠭ ᠲᠤ ᠣᠷᠣᠬᠤ 55 ᠵᠠᠯᠠᠭᠤᠴᠤᠳ ᠤᠨ ᠪᠡᠶ᠎ᠡ ᠪᠠᠶᠢᠴᠠᠭᠠᠬᠤ ᠡᠭᠦᠷᠭᠡ ᠶᠢ | ᠭᠦᠢᠴᠡᠳᠬᠡᠵᠦ᠂ ᠵᠠᠯᠠᠭᠤᠴᠤᠳ ᠦᠨᠴᠡᠷᠢᠭ ᠤᠨ ᠠᠶᠠᠨ ᠳᠤ ᠮᠤᠷᠳᠠᠬᠤ ᠬᠦᠰᠡᠯ ᠢᠶᠠᠨ ᠪᠡᠶᠡᠯᠡᠭᠦᠯᠬᠦ ᠵᠠᠩᠭᠢᠯᠠᠭ᠎ᠠ ᠶᠢᠨ | ᠠᠯᠬᠤᠮ ᠢ ᠠᠯᠬᠤᠵᠠᠢ᠃ | ᠲᠤᠰ ᠤᠳᠠᠭᠠᠨ ᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠬᠤᠰᠢᠭᠤ ᠠᠷᠠᠳ ᠤᠨ | ᠵᠡᠪᠰᠡᠭᠲᠦ ᠬᠦᠴᠦᠨ ᠤ ᠬᠡᠯᠲᠡᠰ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠪᠡᠶ᠎ᠡ ᠶᠢᠨ ᠪᠠᠶᠢᠴᠠᠭᠠᠯᠲᠠ ᠳᠤ ᠬᠢᠷᠢ | ᠲᠡᠩᠴᠡᠭᠰᠡᠨ ᠬᠥᠮᠦᠰ ᠢ ᠤᠯᠤᠰ ᠲᠥᠷᠥ ᠶᠢᠨ ᠬᠢᠨᠠᠨ ᠰᠢᠯᠭᠠᠯᠲᠠ ᠪᠣᠯᠤᠨ ᠴᠡᠷᠢᠭ ᠤᠨ ᠠᠯᠪᠠᠨ᠋ ᠠᠴᠠ ᠡᠮᠦᠨᠡᠬᠢ | ᠰᠤᠷᠭᠠᠨ ᠬᠥᠮᠦᠵᠢᠯ ᠵᠡᠷᠭᠡ ᠦᠷᠭᠦᠯᠵᠢᠯᠡᠨ ᠴᠡᠷᠢᠭ ᠡᠯᠰᠡᠬᠦ ᠠᠵᠢᠯ ᠢ ᠰᠠᠶᠢᠲᠤᠷ ᠠᠳᠬᠤᠭᠰᠠᠨ ᠤ ᠳᠠᠷᠠᠭ᠎ᠠ᠂ ᠰᠢᠨ᠎ᠡ | ᠴᠡᠷᠢᠭ ᠡᠯᠰᠡᠯᠳᠡ ᠴᠡᠷᠢᠭ ᠡᠯᠰᠡᠬᠦ ᠠᠵᠢᠯ ᠢ ᠪᠠᠶᠢᠭᠤᠯᠵᠤ᠂ ᠲᠤᠰᠢᠶᠠᠬᠤ ᠪᠤᠶᠤ ᠲᠣᠰᠴᠤ ᠵᠥᠭᠡᠭᠡᠪᠦᠷᠢᠯᠡᠬᠦ ᠠᠵᠢᠯ ᠢ | ᠡᠬᠢᠯᠡᠭᠦᠯᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠡᠭᠦᠷᠭᠡ ᠪᠠᠨ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠪᠠᠷ ᠪᠡᠶᠡᠯᠡᠭᠦᠯᠬᠦ ᠶᠢ ᠪᠠᠲᠤᠯᠠᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠢᠦᠢ ᡁᠢ ᠹᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |