ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ            ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ  ᠰᠠᠢᠣᠨ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ  ᠪᠠᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ ᠂ ︽ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ ᠲᠥᠰᠦᠯ ︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃          ᠬᠤᠷᠠᠯᠳᠤᠭᠠᠨ ᠢᠶᠠᠷ ᠵᠢᠭᠠᠵᠤ ᠭᠠᠷᠭᠠᠭᠰᠠᠨ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠬᠦ ᠪᠣᠯ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ  ᠪᠠᠢᠭᠠᠤᠨ ᠦᠢᠯᠡᠴᠢᠯᠡᠭᠡᠨ ᠤ ᠠᠷᠠᠯᠵᠢᠶ᠎ᠠ ᠪᠠᠨ ᠳᠡᠭᠡᠭᠰᠢᠯᠡᠭᠦᠯᠵᠦ ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠤᠷᠢᠭᠠᠲᠠᠢ ᠵᠦᠢᠯ ᠤᠨ ᠨᠠᠷᠢᠨ ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠴᠠᠬᠢᠯᠭᠠᠨ ᠬᠤᠯᠪᠣᠭ᠎ᠠ ᠂ ᠰᠤᠷᠭᠠᠨ ᠬᠥᠮᠦᠵᠢᠯ ᠂ ᠰᠣᠶᠣᠯ ᠂ ᠡᠮ ᠡᠮᠨᠡᠯᠭᠡ ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠰᠤᠳᠤᠯᠤᠨ ᠭᠠᠷᠭᠠᠨ᠎ᠠ ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ ᠂ ᠮᠠᠨ ᠤ ᠤᠯᠤᠰ ᠤᠨ ᠦᠢᠯᠡᠴᠢᠯᠡᠭᠡᠨ ᠤ ᠠᠵᠤ ᠠᠬᠤᠶ᠋ᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ  ᠳᠡᠯᠡᠬᠡᠢᠴᠢᠯᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠦᠢᠯᠡᠴᠢᠯᠡᠭᠡᠨ ᠤ ᠠᠷᠠᠯᠵᠢᠶᠠᠨ ᠤ  ᠶᠡᠷᠦᠩᠬᠡᠢᠯᠡᠭᠰᠡᠨ ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ  ᠪᠠᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠂ ᠳ᠋ᠢᠭᠢᠲ ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ  ᠰᠠᠢᠲᠠᠢ ᠬᠥᠭᠵᠢᠯᠲᠡ ᠶᠢ ᠠᠬᠢᠭᠤᠯᠵᠤ ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ ᠂ ᠦᠢᠯᠡᠴᠢᠯᠡᠭᠡᠨ ᠤ ᠬᠡᠷᠡᠭᠯᠡᠭᠡ ᠶᠢᠨ ᠣᠷᠴᠢᠨ  ᠪᠠᠢᠳᠠᠯ ᠤᠨ ᠰᠢᠨ᠎ᠡ ᠶᠢ ᠡᠭᠦᠳᠬᠦ ᠂ ᠡᠵᠡᠩᠨᠡᠯᠲᠡ ᠶᠢᠨ ᠬᠡᠯᠪᠡᠷᠢ  ᠪᠠᠢᠳᠠᠯ ᠤᠨ ᠠᠭᠤᠰᠤᠯᠴᠠᠬᠤ ᠂ ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ ᠂ ᠰᠣᠶᠣᠯ ᠵᠢᠭᠤᠯᠴᠢᠯᠠᠯ ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ ᠂ ᠨᠠᠰᠤᠵᠢᠯ ᠤᠨ ᠠᠰᠠᠷᠠᠮᠵᠢ ᠨᠠᠢᠳᠠᠨ ᠰᠠᠭᠠᠲᠠᠭᠤᠯᠬᠤ ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ ᠃ ︽ ᠭᠠᠳᠠᠭᠠᠳᠤ ᠳᠤ ᠨᠡᠭᠡᠭᠡᠯᠲᠡ ᠬᠢᠬᠦ ︾ ᠂ ︽ ᠳᠣᠲᠣᠭᠠᠳᠤ ᠳᠤ ᠪᠠᠨ ᠴᠢᠯᠦᠭᠡᠲᠡᠢ  ᠪᠠᠢᠯᠭᠠᠬᠤ︾ ᠠᠷᠭ᠎ᠠ ᠪᠠᠷ ᠡᠳ᠋ ᠤᠨ ᠵᠠᠰᠠᠭ ᠂  ᠭᠠᠢᠯᠢ ᠲᠠᠲᠠᠪᠤᠷᠢ ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ  ᠶᠡᠷᠦᠩᠬᠡᠢᠯᠡᠨ ᠬᠡᠷᠡᠭᠯᠡᠵᠦ ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ ᠂ ᠴᠢᠨᠠᠷ  ᠰᠠᠢᠲᠠᠢ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ  ᠪᠠᠢᠭᠠᠤᠨ ᠤᠯᠠᠨ ᠲᠦᠮᠡᠨ ᠤ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ  ᠰᠠᠢᠨ ᠬᠠᠩᠭᠠᠨ᠎ᠠ᠃          ᠬᠤᠷᠠᠯᠳᠤᠭᠠᠨ ᠢᠶᠠᠷ ᠵᠢᠭᠠᠵᠤ ᠭᠠᠷᠭᠠᠭᠰᠠᠨ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ ᠂ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ ᠂ ᠲᠦᠭᠵᠢᠷᠡᠯ ᠬᠠᠰᠢᠭᠳᠠᠯ ᠢ ᠬᠦᠴᠦᠯᠡᠨ ᠨᠡᠪᠲᠡᠷᠡᠭᠦᠯᠵᠦ ᠂ ᠵᠢᠷᠤᠮᠵᠢᠭᠤᠨ᠂ ᠠᠮᠤᠷ ᠲᠦᠪᠰᠢᠨ ᠂ ᠥᠨᠳᠥᠷ ᠪᠦᠲᠦᠮᠵᠢᠲᠡᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠪᠠᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠴᠢᠩᠭᠠᠳᠬᠠᠵᠤ ᠂ ᠦᠢᠯᠡᠳᠪᠦᠷᠢᠯᠡᠬᠦ᠂ ᠪᠣᠷᠣᠯᠠᠭᠤᠯᠬᠤ ᠂ ᠵᠠᠳᠠᠯᠬᠤ ᠂ ᠠᠰᠢᠭᠯᠠᠬᠤ ᠶᠢ ᠪᠦᠬᠦ ᠶᠠᠪᠤᠴᠠ ᠳᠤ ᠮᠥᠷᠳᠡᠨ ᠤᠬᠤᠴᠢᠯᠠᠬᠤ ᠶᠢ ᠪᠡᠶᠡᠯᠡᠭᠦᠯᠦᠨ᠎ᠡ ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ ᠃ ᠬᠥᠳᠡᠯᠭᠡᠭᠴᠢ ᠬᠦᠴᠦᠨ ᠤ ᠴᠡᠨᠡᠭ ᠤᠨ ᠪᠣᠬᠢᠷᠲᠤᠯ ᠦᠭᠡᠢ ᠵᠢᠷᠤᠭᠯᠠᠬᠤ ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠲᠦᠷᠭᠡᠬᠡᠨ ᠲᠣᠭᠲᠠᠭᠠᠵᠤ ᠵᠠᠰᠠᠪᠤᠷᠢ ᠣᠷᠣᠭᠤᠯᠤᠨ ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ  ᠪᠠᠢᠭᠠᠤᠨ ᠡᠭᠡᠭᠦᠯᠦᠨ ᠠᠪᠴᠤ ᠠᠰᠢᠭᠯᠠᠬᠤ ᠶᠢ  ᠳᠠᠢᠴᠢᠯᠠᠨ᠎ᠠ᠃          ᠬᠤᠷᠠᠯᠳᠤᠭᠠᠨ ᠢᠶᠠᠷ ᠵᠢᠭᠠᠵᠤ ᠭᠠᠷᠭᠠᠭᠰᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ  ᠰᠠᠢᠳᠤᠷ ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ ᠂ ᠮᠥᠨ  ᠴᠣ᠋ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠥᠮ ᠴᠠᠭ ᠲᠤᠬᠠᠶ ᠳᠤ ᠭᠦᠢᠴᠡᠳᠬᠡᠨ ᠳᠠᠭᠤᠰᠬᠠᠵᠤ ᠂ ᠥᠭᠡᠷᠡᠴᠢᠯᠡᠯᠲᠡ ᠬᠥᠭᠵᠢᠯᠲᠡ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ ᠰᠢᠢᠳᠪᠦᠷᠢᠯᠡᠬᠦ ᠶᠢ ᠠᠬᠢᠭᠤᠯᠪᠠ ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ ᠦᠷᠭᠦᠯᠵᠢᠯᠡᠨ ᠴᠢᠨᠠᠷ ᠰᠠᠢᠲᠠᠢ ᠪᠠᠷ  ᠰᠠᠢᠳᠤᠷ ᠬᠢᠵᠦ ᠂ ᠲᠥᠯᠥᠭᠡᠯᠡᠭᠴᠢ ᠭᠡᠰᠢᠭᠦᠳ ᠯᠦᠭᠡ  ᠤᠢᠯᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ ᠂ ᠠᠳᠠᠯᠢ ᠰᠡᠳᠦᠪ ᠢ ᠬᠠᠮᠲᠤ ᠬᠠᠷᠢᠭᠤᠯᠬᠤ ᠂ ᠠᠳᠠᠯᠢ ᠴᠢᠭᠯᠡᠯ ᠢᠶᠠᠷ ᠬᠠᠮᠲᠤ ᠬᠦᠴᠦᠯᠡᠬᠦ ᠶᠢ ᠪᠠᠷᠢᠮᠲᠠᠯᠠᠵᠤ ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ ᠂ ᠬᠠᠮᠲᠤ ᠶᠢᠨ ᠲᠠᠨᠢᠯᠲᠠ ᠪᠠᠨ  ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ  ᠰᠠᠢᠲᠠᠢ ᠭᠦᠢᠴᠡᠳᠬᠡᠬᠦ ᠪᠠᠷ ᠴᠢᠨᠠᠷ  ᠰᠠᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠃    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ ᠃ ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨᠳᠡᠪᠰᠢᠭᠦᠯᠦᠭᠴᠢ᠄  ᠲᠡᠷᠭᠡᠯ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2