ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠢ | ᠡᠷᠭᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠭᠰᠠᠨ ᠪᠥᠭᠡᠳ | ᠵᠢᠯ ᠤᠨ ᠡᠬᠢᠨ ᠤ ᠠᠵᠢᠯ ᠳᠤ ᠳᠠᠶᠢᠴᠢᠯᠠᠯᠠᠲᠠ ᠬᠢᠪᠡ | | | ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 2 ᠳ᠋ᠤᠭᠠᠷ ᠰᠠᠷ᠎ᠠ ᠶᠢᠨ 5 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠳᠤᠷ ᠬᠢᠬᠦ ᠲᠤᠬᠠᠢ ᠳᠠᠶᠢᠴᠢᠯᠠᠪᠠ ᠃ | | | | | ᠯᠢ ᠴᠢᠶᠠᠩ ᠵᠢᠭᠠᠵᠤ ᠭᠠᠷᠭᠠᠭᠰᠠᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠬᠦ ᠪᠣᠯ ᠪᠥᠬᠦ ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠠᠵᠢᠯ ᠢ ᠬᠢᠨᠠᠨ | ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠭᠦᠷᠭᠡᠯᠡᠵᠦ ᠪᠦᠬᠦᠢ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠪᠦᠷᠢᠯᠳᠦᠭᠦᠯᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢ ᠬᠦᠪᠴᠢᠯᠡᠨ᠂ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ | ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ | ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ ᠠᠯᠬᠤᠮ ᠰᠠᠶᠢᠳᠤᠷ ᠵᠠᠰᠠᠪᠤᠷᠢ ᠣᠷᠣᠭᠤᠯᠬᠤ ᠬᠡᠷᠡᠭᠲᠡᠢ᠃ | 2 ᠳ᠋ᠤᠭᠠᠷ ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠳᠤᠷ ᠬᠢᠬᠦ ᠲᠤᠬᠠᠢ ᠳᠠᠶᠢᠴᠢᠯᠠᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠭᠰᠠᠨ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ | ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠨᠢᠭᠡᠨᠲᠡ | ᠮᠠᠰᠢ ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ ᠪᠦᠲᠦᠭᠡᠯᠴᠢ ᠪᠠᠷ ᠰᠠᠶᠢᠳᠤᠷ ᠠᠳᠬᠤᠬᠤ | ᠬᠡᠷᠡᠭᠲᠡᠢ᠃ ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ | ᠂ ᠣᠳᠣᠬᠠᠨ ᠪᠠ ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ ᠲᠦᠪᠰᠢᠨ ᠵᠡᠷᠭᠡ ᠶᠢᠨ ᠬᠠᠷᠢᠴᠠᠭ᠎ᠠ ᠶᠢ | ᠰᠠᠶᠢᠳᠤᠷ ᠨᠢᠭᠡᠳᠦᠯᠲᠡᠢ ᠲᠦᠯᠦᠪᠵᠢᠭᠦᠯᠦᠨ᠂ ᠤᠯᠠᠨ ᠳᠠᠪᠬᠤᠷ ᠬᠠᠷᠠᠯᠲᠠ ᠶᠢᠨ ᠳᠣᠣᠷᠠᠬᠢ ᠡᠯ᠎ᠡ ᠲᠠᠯ᠎ᠠ ᠶᠢᠨ ᠠᠵᠢᠯ ᠤᠨ | ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ ᠬᠠᠮᠲᠤ ᠪᠠᠰᠠ ᠰᠢᠪᠲᠤᠯᠤᠯᠲᠠ ᠬᠢᠬᠦ ᠶᠢ | ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ ᠬᠥᠭᠵᠢᠯᠲᠡ ᠶᠢᠨ ᠬᠦᠷᠢᠶ᠎ᠡ ᠴᠠᠷᠠᠭ᠎ᠠ ᠶᠢ | ᠣᠨᠣᠪᠴᠢᠲᠠᠢ ᠡᠷᠢᠵᠦ᠂ ᠬᠦᠲᠦᠯᠦᠨ ᠳᠠᠭᠠᠭᠤᠯᠬᠤ ᠴᠢᠨᠠᠷ ᠢᠶᠠᠷ ᠴᠢᠩᠭ᠎ᠠ᠂ ᠬᠥᠰᠢᠭᠦᠷᠭᠡᠲᠦ ᠴᠢᠨᠠᠷ ᠢᠶᠠᠷ ᠴᠢᠩᠭ᠎ᠠ | ᠠᠵᠢᠯ ᠤᠨ ᠭᠠᠷᠳᠠᠴᠠ ᠶᠢ ᠰᠠᠶᠢᠳᠤᠷ ᠰᠦᠪᠡᠭᠴᠢᠯᠡᠨ᠂ ᠪᠦᠬᠦ ᠲᠠᠯ᠎ᠠ ᠶᠢ ᠳᠠᠶᠢᠴᠢᠯᠠᠵᠤ ᠳᠠᠶᠢᠯᠬᠦ ᠨᠡᠩ ᠤᠯᠠᠨ | ᠳᠤᠪᠤᠶᠢᠮ᠎ᠠ ᠬᠢᠯᠠᠰ ᠴᠡᠭ ᠢ ᠪᠤᠢ ᠪᠣᠯᠭᠠᠬᠤ ᠬᠡᠷᠡᠭᠲᠡᠢ᠃ ᠠᠵᠢᠯ ᠤᠨ ᠦᠢᠯᠡᠳᠦᠯᠭᠡ ᠳᠤᠮᠳᠠ ᠪᠠᠨ ᠰᠦᠪᠡᠭᠴᠢᠯᠡᠨ | ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦ᠋ᠩᠨᠡᠬᠦ ᠪᠠ ᠪᠠᠶᠠᠯᠢᠭᠵᠢᠭᠤᠯᠤᠨ ᠦᠷᠭᠡᠳᠬᠡᠵᠦ᠂ | ᠬᠥᠭᠵᠢᠯᠲᠡ ᠶᠢᠨ ᠬᠠᠷᠠᠯᠲᠠ ᠪᠠᠨ ᠲᠣᠭᠲᠠᠭᠠᠨ᠂ ᠴᠠᠭ ᠪᠠ ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ | ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠳᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠡᠶᠢᠦᠨᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ | ᠴᠢᠭᠯᠡᠯ ᠢᠶᠠᠷ ᠬᠦᠴᠦᠯᠡᠨ᠎ᠡ︔ ᠡᠩ ᠤᠨ ᠵᠤᠷᠰᠢᠯ ᠢ ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦᠶᠢᠴᠡ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ | ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠬᠢᠭᠡᠳ ᠵᠠᠬ᠎ᠠ ᠳᠡᠯᠭᠡᠭᠦᠷ ᠤᠨ ᠦᠢᠯᠡᠳᠦᠯᠴᠡᠯ ᠢ ᠴᠢᠩᠭᠠᠳᠬᠠᠨ᠎ᠠ᠃ | ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ | ᠬᠦᠴᠢᠷ ᠢ ᠲᠠᠨᠢᠨ ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ ᠪᠤᠰᠤᠳᠴᠢ | ᠬᠤᠪᠢᠰᠤᠩᠭᠤᠢ ᠪᠠᠷ ᠬᠠᠨᠳᠤᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠪᠠ | ᠭᠠᠳᠠᠭᠠᠳᠤ ᠶᠢᠨ ᠥᠷᠢᠰᠦᠯᠳᠦᠭᠡᠨ ᠢ ᠠᠷᠭᠠᠴᠠᠭᠠᠬᠤ ᠶᠢ ᠨᠢᠭᠡᠳᠦᠯᠲᠡᠢ ᠲᠦᠯᠦᠪᠵᠢᠭᠦᠯᠦᠨ᠂ ᠳᠠᠷᠤᠯᠲᠠ ᠶᠢ ᠬᠦᠳᠡᠯᠭᠡᠭᠴᠢ | ᠬᠦᠴᠦᠨ ᠪᠣᠯᠭᠠᠨ ᠬᠤᠪᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠤᠨ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠭᠤᠣᠯᠳᠠᠯᠭ᠎ᠠ ᠪᠣᠯᠬᠤ | ᠬᠦᠷᠢᠶᠡᠨ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠯᠤᠰ ᠢ ᠪᠣᠳᠣᠯᠬᠢᠯᠠᠨ ᠮᠠᠨ ᠤ ᠤᠯᠤᠰ ᠤᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ ᠴᠢᠷᠮᠠᠶᠢᠨ ᠠᠵᠢᠯᠯᠠᠵᠤ᠂ ᠰᠠᠶᠢᠳᠤᠷ ᠬᠢᠵᠦ ᠪᠦᠲᠦᠭᠡᠨ᠂ | ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ | ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ | ᠬᠠᠷᠠᠯᠲᠠ ᠶᠢ ᠲᠣᠳᠣᠷᠬᠠᠢ ᠪᠦᠭᠡᠳ ᠦᠨᠡᠯᠡᠨ ᠵᠢᠰᠢᠭᠦᠶᠢᠴᠡ᠂ ᠲᠦᠷᠦ ᠶᠢᠨ ᠪᠣᠳᠣᠯᠭ᠎ᠠ ᠶᠢ ᠲᠣᠳᠣᠷᠬᠠᠢ ᠪᠦᠭᠡᠳ | ᠬᠡᠷᠡᠭᠵᠢᠭᠦᠯᠬᠦᠶᠢᠴᠡ᠂ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠭᠦᠢᠴᠡᠬᠦ ᠪᠣᠯᠭᠠᠵᠤ᠂ ᠨᠡᠩ ᠤᠯᠠᠨ | ᠤᠶᠤᠨ ᠴᠢᠳᠠᠯ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ ᠬᠡᠷᠡᠭᠯᠡᠬᠦ ᠶᠢᠨ ᠬᠠᠮᠲᠤ | ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ | ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠵᠡᠩᠨᠡᠨ ᠬᠤᠳᠠᠯᠳᠤᠭᠠᠯᠠᠬᠤ ᠲᠡᠷᠢᠭᠦᠨ ᠤ | ᠣᠷᠴᠢᠨ ᠨᠦᠬᠦᠴᠡᠯ ᠢ ᠪᠤᠢ ᠪᠣᠯᠭᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ | ᠨᠡᠩ ᠰᠠᠶᠢᠨ ᠨᠥᠬᠦᠴᠡᠯ ᠬᠠᠩᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠪᠣᠰᠬᠠᠬᠤ ᠳᠤ ᠨᠡᠩ | ᠤᠯᠠᠨ ᠠᠵᠠ ᠲᠣᠬᠢᠶᠠᠯ ᠣᠯᠭᠤᠵᠤ᠂ ᠪᠦᠬᠦ ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ | ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ | ᠣᠷᠣᠯᠴᠠᠪᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠳᠡᠪᠰᠢᠭᠦᠯᠦᠭᠴᠢ ᠄ ᠲᠡᠷᠭᠡᠯ | |