ᠲᠠᠷᠢᠶᠠᠯᠠᠩ ᠤᠨ ᠬᠠᠭᠤᠷᠮᠠᠭ ᠡᠳ᠋ ᠪᠠᠷᠠᠭ᠎ᠠ ᠳᠤ ᠴᠣᠬᠢᠯᠲᠠ ᠥᠭᠬᠦ ᠠᠵᠢᠯᠯᠠᠭ᠎ᠠ ᠶᠠᠪᠤᠭᠳᠠᠭᠤᠯᠤᠭᠰᠠᠨ | | ᠣᠶᠢᠷ᠎ᠠ ᠶᠢᠨ ᠡᠳᠦᠷ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ | ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠲᠠᠷᠢᠶᠠᠯᠠᠩ ᠤᠨ ᠦᠢᠯᠡᠳᠪᠦᠷᠢᠯᠡᠯ ᠬᠡᠷᠡᠭᠰᠡᠯ ᠤᠨ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ | ᠠᠵᠢᠯᠯᠠᠭ᠎ᠠ ᠶᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ | ᠬᠠᠮᠠᠭᠠᠯᠠᠨ᠂ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠡᠬᠢᠯᠡᠯᠲᠡ ᠶᠢᠨ ᠭᠠᠷᠤᠭ᠎ᠠ ᠳᠤ ᠬᠦᠴᠦᠯᠡᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ | ᠠᠯᠬᠤᠮ ᠵᠢᠷᠤᠮᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠭᠰᠠᠨ ᠪᠠᠶᠢᠨ᠎ᠠ᠃ | ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠦᠭᠴᠢᠳ ᠲᠤᠬᠠᠢ ᠶᠢᠨ ᠲᠠᠯᠠᠪᠠᠢ ᠳᠤ᠂ ᠨᠡᠶᠢᠲᠡᠯᠢᠭ ᠬᠡᠷᠡᠭ ᠤᠨ | ᠵᠢᠱᠢᠶ᠎ᠡ ᠪᠠᠷ ᠳᠠᠮᠵᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯ ᠳᠤ | ᠴᠣᠬᠢᠯᠲᠠ ᠥᠭᠬᠦ ᠴᠢᠬᠤᠯᠠ ᠴᠢᠨᠠᠷ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ | ᠥᠬᠡᠢ ᠶᠢᠨ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠰᠢᠨᠵᠢᠯᠡᠬᠦ ᠤᠬᠠᠭᠠᠨᠴᠢ ᠪᠠᠷ ᠰᠣᠩᠭᠤᠨ | ᠵᠦᠢ ᠵᠣᠬᠢᠰᠲᠠᠢ ᠬᠡᠷᠡᠭᠯᠡᠭᠦᠯᠬᠦ᠂ ᠳᠠᠷᠠᠭ᠎ᠠ ᠨᠢ᠂ ᠪᠠᠰᠠ ᠲᠠᠷᠢᠶᠠᠴᠢᠨ ᠠᠶᠢᠯ ᠤᠨ ᠭᠡᠷ ᠲᠤ ᠬᠦᠷᠴᠦ᠂ | ᠲᠠᠷᠢᠶᠠᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠪᠠ ᠬᠡᠷᠡᠭᠯᠡᠬᠦ ᠳᠤᠮᠳᠠ | ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠳᠤ ᠨᠢᠭᠡ ᠨᠢᠭᠡ ᠪᠠᠷ ᠬᠠᠷᠢᠭᠤᠯᠲᠠ ᠥᠭᠪᠡ᠃ | ᠡᠨᠡ ᠤᠳᠠᠭᠠᠨ ᠤ ᠲᠠᠷᠢᠶᠠᠯᠠᠩ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ ᠠᠵᠢᠯᠯᠠᠭ᠎ᠠ | ᠪᠠᠷ ᠳᠠᠮᠵᠢᠨ᠂ ᠲᠠᠷᠢᠶᠠᠴᠢᠳ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠢᠯᠭᠠᠨ ᠲᠠᠨᠢᠬᠤ | ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠥᠬᠡᠢ ᠪᠠᠰᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ | ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ | ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠼᠠᠢ ᠴᠢᠩ ᠴᠦᠨ ᠪᠠᠶᠠᠰᠬᠤᠯᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |