ᠪᠠᠶ᠋ᠬᠠᠤᠪᠤᠭ᠎ᠠ ᠰᠤᠮᠤ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠰᠢᠷᠢᠰ | ᠬᠥᠳᠡᠯᠭᠡᠭᠡᠨ ᠦᠷᠨᠢᠭᠦᠯᠦᠭᠰᠡᠨ | | ᠪᠠᠶ᠋ᠬᠠᠤᠪᠤᠭ᠎ᠠ ᠰᠤᠮᠤ《ᠡᠮᠡᠭᠲᠡᠶᠢᠴᠦᠳ ᠴᠤᠭ ᠵᠣᠯᠢ ᠪᠠᠨ ᠪᠠᠳᠠᠷᠠᠭᠤᠯᠤᠨ᠂ ᠬᠢᠯᠢ ᠬᠢᠵᠠᠭᠠᠷ ᠢ ᠭᠠᠷ | ᠬᠤᠯᠪᠣᠨ ᠬᠠᠮᠲᠤ ᠪᠠᠷ ᠴᠤᠭᠴᠠᠯᠠᠰᠤᠭᠠᠢ 》ᠭᠡᠬᠦ ᠭᠤᠣᠯ ᠰᠡᠳᠦᠪᠲᠦ 115 ᠳᠠᠬᠢ ᠳᠡᠯᠡᠬᠡᠢ ᠶᠢᠨ | ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ 《 ᠬᠠᠤᠯᠢ ᠴᠠᠭᠠᠵᠠ ᠶᠢ ᠣᠶᠢᠯᠠᠭᠠᠬᠤ ᠬᠥᠮᠦᠰ ᠤᠨ ᠶᠠᠷᠢᠯᠴᠠᠬᠤ ᠬᠤᠷᠠᠯ 》 ᠢ | ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠳᠤ 《 ᠬᠡᠪ ᠵᠠᠩᠰᠢᠯ ᠢ ᠥᠭᠡᠷᠡᠴᠢᠯᠡᠬᠦ 》 ᠤᠬᠠᠭᠤᠯᠭ᠎ᠠ ᠶᠢᠨ | ᠬᠠᠭᠤᠳᠠᠰᠤ ᠲᠠᠷᠬᠠᠭᠠᠵᠤ᠂ ᠡᠮᠡᠭᠲᠡᠶᠢᠴᠦᠳ ᠤᠨ ᠡᠷᠡᠭᠦᠯ ᠴᠢᠭᠢᠷᠠᠭ ᠤᠨ ᠠᠯᠪᠠᠨ ᠵᠢᠷᠤᠮ ᠤᠨ ᠡᠮᠴᠢᠯᠡᠭᠡ ᠬᠢᠵᠦ᠂ | ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠤᠯᠤᠰ ᠤᠨ ᠠᠮᠤᠷ | ᠲᠦᠪᠰᠢᠨ᠂ ᠰᠦᠯᠵᠢᠶᠡᠨ ᠮᠡᠬᠡᠯᠡᠯ ᠢ ᠡᠰᠡᠷᠭᠦᠴᠡᠬᠦ ᠵᠡᠷᠭᠡ ᠬᠦᠷᠢᠶ᠎ᠡ ᠴᠠᠷ᠎ᠠ ᠶᠢᠨ ᠲᠣᠭᠤᠷᠢᠨ ᠳᠤ ᠤᠬᠠᠭᠤᠯᠭ᠎ᠠ ᠬᠢᠪᠡ | ᠃ | ᠡᠨᠡ ᠤᠳᠠᠭ᠎ᠠ ᠶᠢᠨ ᠠᠵᠢᠯᠯᠠᠭ᠎ᠠ ᠨᠢ ᠰᠤᠮᠤ ᠶᠢᠨ ᠥᠷᠭᠡᠨ ᠣᠯᠠᠨ ᠡᠮᠡᠭᠲᠡᠶᠢᠴᠦᠳ ᠲᠤ ᠲᠠᠪᠴᠠᠩ ᠬᠠᠩᠭᠠᠵᠤ | ᠂ ᠬᠠᠶᠢᠷ᠎ᠠ ᠰᠡᠳᠬᠢᠯ ᠤᠨ ᠰᠣᠯᠢᠯᠴᠠᠭᠠᠨ ᠤ ᠬᠤᠯᠪᠣᠭᠠᠰᠤ ᠪᠠᠶᠢᠭᠤᠯᠤᠭᠰᠠᠨ ᠤ ᠠᠯᠬᠤᠮ ᠳᠤ᠂ ᠪᠠᠶ᠋ᠬᠠᠤᠪᠤᠭ᠎ᠠ ᠰᠤᠮᠤ | ᠦᠷᠭᠦᠯᠵᠢᠯᠡᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ ᠰᠡᠳᠬᠢᠯ ᠢᠶᠠᠨ ᠬᠤᠯᠪᠣᠬᠤ ᠬᠥᠭᠦᠷᠭᠡ ᠪᠣᠰᠬᠠᠨ᠂ | ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠳᠤ ᠦᠢᠯᠡᠴᠢᠯᠡᠬᠦ ᠶᠠᠪᠤᠴᠠ ᠳᠤ ᠬᠦᠴᠦᠨ ᠢᠶᠠᠨ ᠢᠯᠡᠷᠡᠭᠦᠯᠵᠦ᠂ | ᠦᠢᠯᠡᠳᠦᠯᠭᠡ ᠪᠠᠨ ᠬᠠᠷᠠᠭᠤᠯᠬᠤ ᠪᠣᠯᠤᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠡᠨᠡ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |