ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ | ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ | ᠵᠡᠷᠭᠡ ᠶᠢ ᠶᠠᠷᠢᠯᠴᠠᠨ ᠪᠠᠲᠤᠯᠠᠪᠠ | | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ | ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ | ︽︿ᠦ᠋ᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶᠢᠬᠠᠨ ᠲᠡᠭᠦᠰᠦᠭᠰᠡᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ | ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ | ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠳᠤᠷ | ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ | ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ | ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ | ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠳᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ | ᠲᠤᠬᠠᠢ ᠳᠤ ᠨᠡᠶᠢᠲᠡᠯᠡᠵᠦ᠂᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ᠋ ᠪᠠᠲᠤᠯᠠᠨ᠎ᠠ᠃ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ | ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ | ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ | ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ | ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ | ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ | ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ | ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ | ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ | ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ | ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ | ᠠᠰᠠᠭᠤᠳᠠᠯ ᠳᠤ ᠴᠢᠭᠯᠡᠭᠦᠯᠦᠨ ︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠲᠦᠷᠭᠡᠨ ᠬᠦᠷᠭᠡᠯᠲᠡ ᠶᠢᠨ | ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠭᠦᠶᠢᠴᠡ ᠶᠢ ᠠᠬᠢᠭᠤᠯᠬᠤ᠂ | ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ | ᠶᠤᠮ᠃ ᠰᠢᠰᠲ᠋ᠧᠮᠵᠢᠭᠦᠯᠦᠨ ᠵᠠᠰᠠᠬᠤ᠂ ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ | ᠠᠬᠤᠶ᠋ᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ | ᠦᠢᠯᠡᠳᠪᠦᠷᠢᠯᠡᠯ ᠤᠨ ᠠᠵᠤ ᠠᠬᠤᠶᠢᠯᠠᠯ ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠣ ᠪᠦᠬᠦᠢ | ᠬᠡᠷᠡᠭᠯᠡᠭᠴᠢᠳ ᠢ ᠬᠥᠲᠥᠯᠥᠨ ᠵᠢᠯᠤᠭᠤᠳᠴᠤ ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠵᠠᠰᠠᠬᠤ ᠶᠢ | ᠠᠬᠢᠭᠤᠯᠬᠤ ᠬᠡᠷᠡᠭᠲᠡᠢ᠃ ᠲᠦᠷᠭᠡᠨ ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ | ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ | ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ | ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠡᠶᠢᠴᠢᠯᠠᠨ᠂ ᠪᠣᠬᠢᠷᠲᠤᠯ | ᠦᠭᠡᠢ ᠬᠥᠭᠵᠢᠯᠲᠡ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | ᠢᠷᠡᠯᠲᠡ᠄ ᠰᠢᠨᠬᠤᠸᠠ ᠬᠤᠷᠢᠶ᠎ᠠ | ᠳᠡᠪᠰᠢᠭᠦᠯᠦᠭᠴᠢ᠄ ᠲᠡᠷᠭᠡᠯ | |