ᠶᠡᠭᠡ ᠬᠠᠷ᠎ᠠ ᠭᠤᠤᠯ ᠰᠢᠶᠠᠩ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2025/3/17
      ᠶᠡᠭᠡ ᠬᠠᠷ᠎ᠠ ᠭᠤᠤᠯ ᠰᠢᠶᠠᠩ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠤᠶ᠎ᠠ           ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠪᠠ 《 ᠬᠤᠪᠢ ᠨᠡᠮᠡᠷᠢ᠂ ᠨᠥᠬᠦᠷᠰᠡᠭ ᠬᠠᠶᠢᠷ᠎ᠠ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ 》 ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ ᠶᠡᠭᠡ ᠬᠠᠷ᠎ᠠ ᠭᠤᠤᠯ ᠰᠢᠶᠠᠩ 《 ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠤᠶᠣ ᠰᠠᠶᠢᠬᠠᠨ ᠭᠡᠷ ᠣᠷᠣᠨ ᠢᠶᠠᠨ ᠬᠠᠮᠲᠤᠪᠠᠷ ᠪᠠᠶᠢᠭᠤᠯᠬᠤ 》 ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠴᠡᠪᠡᠷ ᠲᠡᠭᠰᠢ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃
3.12+1.jpg
      ᠠᠵᠢᠯᠯᠠᠭ᠎ᠠ ᠳᠤᠮᠳᠠ᠂ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ᠂ ᠲᠣᠰᠬᠤᠨ ᠤ ᠠᠷᠠᠳ ᠰᠠᠶᠢᠨ ᠳᠤᠷᠠᠴᠤᠳ ᠲᠡᠮᠦᠷ ᠬᠦᠷᠵᠡ᠂ ᠬᠠᠪᠴᠢᠭᠤᠷ᠂ ᠱᠦᠭᠦᠷ ᠵᠡᠷᠭᠡ ᠠᠵᠢᠯᠯᠠᠬᠤ ᠪᠠᠭᠠᠵᠢ ᠬᠡᠷᠡᠭᠰᠡᠯ ᠢ ᠠᠳᠬᠤᠵᠤ᠂ ᠬᠠᠷᠢᠶᠠᠲᠤ ᠣᠷᠣᠨ ᠤ ᠭᠤᠣᠯ ᠳᠡᠳ᠋ ᠵᠠᠮ᠂ ᠲᠠᠷᠢᠶᠠᠨ ᠭᠠᠵᠠᠷ ᠤᠨ ᠣᠢ ᠮᠣᠳᠣ᠂ ᠭᠡᠷ ᠤᠨ ᠠᠷᠤ ᠭᠡᠷ ᠤᠨ ᠬᠤᠶᠢᠨ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠣᠯᠠᠨ ᠢᠶᠠᠷ ᠢᠶᠠᠨ ᠪᠤᠵᠠᠷ ᠠᠴᠠ ᠠᠶᠤᠬᠤ ᠦᠭᠡᠢ᠂  ᠶᠠᠳᠠᠷᠠᠬᠤ ᠠᠴᠠ ᠠᠶᠤᠬᠤ ᠦᠭᠡᠢ ᠰᠢᠯᠢᠳᠡᠭ ᠰᠤᠷᠲᠠᠯ ᠪᠣᠯᠤᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠮᠡᠳᠡᠭᠳᠡᠮ᠎ᠡ ᠰᠠᠶᠢᠵᠢᠷᠠᠪᠠ᠃ ᠡᠭᠦᠨ ᠤ ᠬᠠᠮᠲᠤ ᠣᠯᠠᠨ ᠲᠦᠮᠡᠨ ᠳᠤ ᠬᠤᠭ ᠨᠣᠪᠰᠢ ᠶᠢ ᠲᠥᠷᠥᠯ ᠬᠤᠪᠢᠶᠠᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠣᠶᠢᠯᠠᠭᠠᠭᠳᠠᠬᠤᠨ ᠤ ᠮᠡᠳᠡᠯᠭᠡ ᠶᠢ ᠢᠳᠡᠪᠬᠢᠲᠡᠢ ᠤᠬᠠᠭᠤᠯᠵᠤ᠂ ᠣᠯᠠᠨ ᠢᠶᠠᠷ ᠢᠶᠠᠨ ᠭᠡᠷ ᠣᠷᠣᠨ ᠤ ᠪᠠᠨ ᠴᠡᠪᠡᠷ ᠲᠡᠭᠰᠢ ᠪᠠ ᠭᠤᠸ᠎ᠠ ᠰᠠᠶᠢᠬᠠᠨ ᠢ ᠬᠠᠮᠲᠤᠪᠠᠷ ᠬᠠᠮᠠᠭᠠᠯᠠᠬᠤ ᠶᠢ ᠤᠷᠢᠶᠠᠯᠠᠵᠠᠢ᠃
3.12+2.jpg
3.12+3.jpg
3.12+4.jpg
3.12+5.jpg
      ᠲᠤᠰ ᠤᠳᠠᠭᠠᠨ ᠤ ᠠᠵᠢᠯᠯᠠᠭ᠎ᠠ ᠨᠢ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠡᠭᠡ ᠲᠦᠷᠭᠡᠨ ᠭᠤᠣᠯ ᠰᠢᠶᠠᠩ ᠤᠨ ᠪᠦᠯᠬᠦᠮᠳᠡᠨ ᠬᠠᠮᠵᠢᠯᠴᠠᠬᠤ᠂ ᠢᠳᠡᠪᠬᠢᠯᠡᠨ ᠲᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠦᠯᠬᠦᠮᠳᠡᠨ  ᠨᠢᠭᠲᠠᠷᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠠᠶᠢᠭᠤᠯᠬᠤ ᠬᠦᠴᠦᠷᠬᠡᠭ ᠶᠡᠭᠡ ᠬᠦᠴᠦᠨ ᠢ  ᠨᠢᠭᠲᠠᠷᠠᠭᠤᠯᠵᠠᠢ ᠃ ᠵᠠᠯᠭᠠᠭᠠᠳ ᠶᠡᠭᠡ  ᠬᠠᠷ᠎ᠠ ᠭᠤᠣᠯ ᠰᠢᠶᠠᠩ ᠲᠣᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠰᠠᠶᠢᠨ ᠲᠤᠷᠠᠴᠤᠳ ᠵᠢᠴᠢ ᠣᠯᠠᠨ ᠲᠦᠮᠡᠨ ᠢ ᠵᠢᠯᠣᠭᠤᠳᠤᠨ ᠯᠧᠢ ᠹᠧᠩ  ᠠᠴᠠ ᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠤᠬᠠᠮᠰᠠᠷ‌‍ᠠ᠋ᠴᠠ ᠪᠠᠨ ᠵᠠᠯᠭᠠᠮᠵᠢᠯᠠᠨ᠂ ᠬᠠᠮᠲᠤᠪᠠᠷ ᠴᠡᠪᠡᠷ ᠡᠮᠬᠢ ᠳᠢᠭᠯᠢᠮ ᠲᠠᠢ᠂ ᠭᠤᠶᠣ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2