ᠮᠠᠨ ᠤ ᠬᠤᠰᠢᠭᠤ ᠭᠤᠷᠪᠠᠨ ᠰᠠᠷ᠎ᠠ ᠶᠢᠨ ᠠᠷᠪᠠᠨ ᠲᠠᠪᠤᠨ  ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ
ᠨᠡᠶᠢᠲᠡᠯᠡᠭᠰᠡᠨ ᠴᠠᠭ᠄
2025/3/17
      ᠮᠠᠨ ᠤ ᠬᠤᠰᠢᠭᠤ ᠭᠤᠷᠪᠠᠨ ᠰᠠᠷ᠎ᠠ ᠶᠢᠨ ᠠᠷᠪᠠᠨ ᠲᠠᠪᠤᠨ  ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ                3 ᠰᠠᠷ᠎ᠠ ᠶᠢᠨ 15 ᠤ ᠡᠳᠦᠷ᠂ ᠮᠠᠨ ᠤ ᠬᠤᠰᠢᠭᠤ《ᠬᠡᠷᠡᠭᠯᠡᠭᠡᠨ ᠤ ᠢᠲᠡᠭᠡᠯ ᠢ ᠬᠥᠪᠴᠢᠯᠡᠬᠦ》ᠭᠤᠣᠯ ᠰᠡᠳᠦᠪ ᠤᠨ ᠲᠣᠭᠤᠷᠢᠨ ᠳᠤ《3.15》ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠬᠤᠰᠢᠭᠤᠨ ᠤ ᠤᠳᠤᠷᠢᠳᠤᠯᠭ᠎ᠠ ᠲᠦᠩ ᠸᠧᠨ ᠬᠤᠸᠠ᠂ ᠪᠤᠶᠠᠨᠬᠦᠦ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃       ᠠᠵᠢᠯᠯᠠᠭ᠎ᠠ ᠳᠤ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠬᠤ᠂ ᠬᠠᠭᠤᠷᠮᠠᠭ ᠲᠠᠸᠠᠷ ᠢᠯᠭᠠᠨ ᠲᠠᠨᠢᠬᠤ᠂ ᠬᠠᠭᠤᠷᠮᠠᠭ ᠮᠠᠭᠤ ᠲᠠᠸᠠᠷ ᠳᠡᠯᠭᠡᠨ ᠦᠵᠡᠭᠦᠯᠬᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠩᠭᠦᠢ  ᠤᠬᠠᠭᠤᠯᠵᠤ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠢᠳᠡᠭᠡᠨ ᠪᠠ ᠡᠮ ᠤᠨ ᠵᠦᠢᠯ ᠤᠨ ᠠᠶᠤᠯ ᠥᠬᠡᠢ᠂ ᠦᠨ᠎ᠡ ᠬᠠᠩᠰᠢ ᠶᠢᠨ ᠲᠠᠯ᠎ᠠ ᠪᠠᠷ ᠮᠡᠬᠡᠯᠡᠬᠦ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ᠂ ᠣᠶᠤᠨᠴᠢ ᠬᠡᠷᠡᠭᠯᠡᠭᠡᠨ ᠤ ᠦᠵᠡᠯ ᠤᠬᠠᠮᠰᠠᠷ ᠲᠠᠢ ᠪᠤᠯᠭᠠᠵᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠬᠤᠳᠠᠯᠳᠤᠭᠠᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠤᠭᠤᠴᠠᠭ᠎ᠠ ᠨᠢ  ᠭᠡᠲᠦᠷᠡᠭᠰᠡᠨ ᠴᠢᠨᠠᠷ ᠨᠢ ᠬᠤᠪᠢᠷᠠᠭᠰᠠᠨ《ᠭᠤᠷᠪᠠᠨ ᠦᠭᠡᠢ》ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠵᠦ᠂ ᠥᠷᠭᠡᠨ ᠣᠯᠠᠨ ᠲᠦᠮᠡᠨ ᠳᠤ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠢ ᠡᠭᠦᠳᠴᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ᠃      ᠳᠠᠷᠠᠭ᠎ᠠ ᠠᠯᠬᠤᠮ ᠳᠤ᠂ ᠪᠦᠬᠦ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠥᠷᠥᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃        ᠡᠯ᠎ᠡ ᠪᠦᠷᠢᠯᠳᠦᠬᠦᠨ ᠨᠢᠭᠡᠴᠡ ᠵᠢᠴᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂  ᠬᠤᠪᠢ ᠶᠢᠨ ᠦᠢᠯᠡᠳᠪᠦᠷᠢ ᠬᠤᠳᠠᠯᠳᠤᠭᠠᠨ ᠤ ᠳᠡᠯᠭᠡᠭᠦᠷ ᠤᠨ ᠲᠦᠯᠦᠭᠡᠯᠡᠭᠴᠢ ᠠᠵᠢᠯᠯᠠᠭ᠎ᠠ ᠳᠤ ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2