ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠢ ᠤᠬᠠᠭᠤᠯᠤᠨ ᠲᠠᠶᠢᠯᠪᠤᠷᠢᠯᠠᠯ ᠮᠠᠨ ᠤ ᠬᠤᠰᠢᠭᠤᠨ ᠳᠤ
ᠨᠡᠶᠢᠲᠡᠯᠡᠭᠰᠡᠨ ᠴᠠᠭ᠄
2025/3/17
      ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠢ ᠤᠬᠠᠭᠤᠯᠤᠨ ᠲᠠᠶᠢᠯᠪᠤᠷᠢᠯᠠᠯ ᠮᠠᠨ ᠤ ᠬᠤᠰᠢᠭᠤᠨ ᠳᠤ              ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠬᠥᠮᠦᠵᠢᠭᠦᠯᠬᠦ ᠶᠢᠨ ᠲᠥᠯᠥᠭᠡ᠂ ᠣᠶᠢᠷ᠎ᠠ ᠳᠤ᠂ ᠨᠢᠭᠡᠨ ᠤᠳᠠᠭᠠᠨ ᠤ ᠤᠳᠬ᠎ᠠ ᠠᠭᠤᠯᠭ᠎ᠠ ᠲᠠᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠢ ᠤᠬᠠᠭᠤᠯᠤᠨ ᠲᠠᠶᠢᠯᠪᠤᠷᠢᠯᠠᠯ  ᠮᠠᠨ ᠤ ᠬᠤᠰᠢᠭᠤᠨ ᠳᠤ ᠶᠠᠪᠤᠭᠳᠠᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠴᠢ ᠰᠢᠶᠠᠩ ᠶᠠᠩ ᠪᠠᠭᠰᠢ《ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠪᠠᠶᠢᠳᠠᠯ ᠳᠣᠣᠷᠠᠬᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠷᠭ᠎ᠠ ᠵᠠᠮ》 ᠢ ᠲᠠᠶᠢᠯᠪᠤᠷᠢᠯᠠᠵᠤ᠂ ᠲᠤᠰᠬᠠᠢ ᠮᠡᠷᠭᠡᠵᠢᠯ ᠤᠨ ᠬᠠᠷᠠᠭᠠᠰᠤ ᠪᠣᠯᠤᠨ ᠮᠡᠳᠡᠯᠭᠡ ᠶᠢᠨ ᠡᠯᠪᠡᠭ ᠪᠠᠶᠠᠯᠢᠭ ᠨᠥᠭᠡᠴᠡ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠥᠨ ᠴᠢᠨᠠᠷ ᠤᠨ ᠠᠭᠤᠯᠤᠭᠳᠠᠬᠤᠨ᠂ ᠲᠡᠦᠬᠡ ᠶᠢᠨ ᠡᠬᠢ ᠰᠤᠷᠪᠤᠯᠵᠢ ᠳᠤ ᠭᠦᠨᠵᠡᠭᠡᠢ ᠲᠠᠶᠢᠯᠤᠮᠵᠢ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠯᠤᠰ ᠤᠨ ᠬᠥᠭᠵᠢᠯᠲᠡ ᠶᠢᠨ ᠳᠤᠮᠳᠠᠬᠢ ᠴᠢᠬᠤᠯᠠ ᠪᠠᠶᠢᠷᠢ ᠰᠠᠭᠤᠷᠢ ᠪᠣᠯᠤᠨ ᠴᠢᠬᠤᠯᠠ ᠶᠡᠭᠡ ᠡᠭᠦᠷᠭᠡ ᠶᠢ ᠴᠢᠬᠤᠯᠠᠴᠢᠯᠠᠭᠰᠠᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠳᠤ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠪᠠᠶᠢᠷᠢ ᠰᠠᠭᠤᠷᠢ ᠶᠢ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃          ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯ ᠢᠶᠠᠷ ᠳᠠᠮᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠤᠯᠠᠮ ᠨᠢᠭᠡ ᠠᠯᠬᠤᠮ ᠰᠠᠴᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠨ ᠬᠠᠶᠢᠷᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠨ ᠬᠤᠪᠢᠷᠠᠭᠤᠯᠬᠤ ᠶᠠᠪᠤᠳᠠᠯ ᠢ ᠠᠵᠢᠯᠯᠠᠭ᠎ᠠ ᠶᠢᠨ ᠤᠬᠠᠮᠰᠠᠷ  ᠪᠣᠯᠭᠠᠬᠤ ᠪᠠᠷ ᠵᠣᠷᠢᠭᠤᠯᠤᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄      ᠼᠠᠢ  ᠴᠢᠩ ᠴᠦᠨ  ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2