ᠮᠠᠨ ᠤ ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠤ ᠬᠡᠪᠴᠢᠶᠡᠨ ᠳᠠᠬᠢ ᠶᠡᠬᠡᠪᠡᠷ ᠪᠠᠶᠢᠴᠠᠭᠠᠨ | ᠵᠠᠰᠠᠯᠲᠠ ᠬᠢᠬᠦ ᠴᠡᠭᠴᠡᠯᠡᠨ ᠥᠭᠡᠷᠡᠴᠢᠯᠡᠬᠦ ᠲᠤᠰᠬᠠᠢ ᠠᠵᠢᠯᠯᠠᠭ᠎ᠠ ᠶᠢᠨ ᠤᠬᠠᠭᠤᠯᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠳᠠᠭᠤᠯᠤᠭᠰᠠᠨ | | ᠣᠶᠢᠷ᠎ᠠ ᠳᠤ᠂ ᠮᠠᠨ ᠤ ᠬᠤᠰᠢᠭᠤ《ᠪᠦᠬᠦ ᠠᠷᠠᠳ ᠢᠶᠠᠷ ᠢᠶᠠᠨ ᠣᠷᠣᠯᠴᠠᠨ ᠪᠣᠬᠢᠷᠲᠤᠯ ᠥᠬᠡᠢ ᠭᠡᠷ ᠣᠷᠣᠨ ᠢ | ᠬᠠᠮᠲᠤᠪᠠᠷ ᠪᠠᠶᠢᠭᠤᠯᠬᠤ》ᠠᠮᠢ ᠠᠬᠤᠢ ᠶᠢᠨ ᠣᠷᠴᠢᠨ ᠲᠣᠭᠤᠷᠢᠨ ᠢ ᠶᠡᠬᠡᠪᠡᠷ ᠪᠠᠶᠢᠴᠠᠭᠠᠨ ᠵᠠᠰᠠᠯᠲᠠ ᠬᠢᠬᠦ | ᠴᠡᠭᠴᠡᠯᠡᠨ ᠥᠭᠡᠷᠡᠴᠢᠯᠡᠬᠦ ᠲᠤᠰᠬᠠᠢ ᠠᠵᠢᠯᠯᠠᠭᠠᠨ ᠤ ᠤᠬᠠᠭᠤᠯᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠳᠠᠭᠤᠯᠤᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠲᠠ ᠪᠣᠯ ᠣᠯᠠᠨ ᠨᠡᠶᠢᠲᠡ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠦᠨᠳᠦᠳᠬᠡᠨ ᠦᠵᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ | ᠬᠦᠴᠦᠨ ᠢ ᠳᠠᠶᠢᠴᠢᠯᠠᠨ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠠᠮᠲᠤᠪᠠᠷ | ᠣᠷᠣᠯᠴᠠᠭᠤᠯᠵᠤ᠂ ᠬᠥᠮᠦᠨ ᠪᠦᠬᠦᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠯᠠᠮᠵᠢᠯᠠᠵᠤ᠂ ᠬᠥᠮᠦᠨ ᠪᠦᠬᠦᠨ | ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠮᠠᠨ ᠤ ᠬᠤᠰᠢᠭᠤᠨ ᠤ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶ᠎ᠡ ᠬᠡᠪᠴᠢᠶᠡᠨ ᠳᠤ ᠶᠡᠬᠡᠪᠡᠷ ᠪᠠᠶᠢᠴᠠᠭᠠᠯᠲᠠ ᠬᠢᠵᠦ ᠶᠡᠬᠡᠪᠡᠷ ᠵᠠᠰᠠᠯᠲᠠ ᠬᠢᠬᠦ ᠴᠡᠭᠴᠡᠯᠡᠨ | ᠥᠭᠡᠷᠡᠴᠢᠯᠡᠬᠦ ᠲᠤᠰᠬᠠᠢ ᠠᠵᠢᠯᠯᠠᠭ᠎ᠠ ᠨᠢ ᠪᠥᠬᠦ ᠲᠠᠯ᠎ᠠ ᠪᠠᠷ ᠤᠬᠠᠭᠤᠯᠤᠨ ᠳᠠᠶᠢᠴᠢᠯᠠᠬᠤ ᠱᠠᠲᠤᠨ ᠳᠤ ᠣᠷᠣᠭᠰᠠᠨ ᠢ | ᠬᠠᠷᠠᠭᠤᠯᠤᠭᠰᠠᠨ ᠢᠶᠠᠷ ᠪᠠᠷᠠᠬᠤ ᠦᠭᠡᠢ᠃ ᠳᠠᠷᠠᠭ᠎ᠠ ᠠᠯᠬᠤᠮ ᠳᠤ᠂ ᠮᠠᠨ ᠤ ᠬᠤᠰᠢᠭᠤ ᠣᠯᠠᠨ ᠵᠦᠢᠯ ᠤᠨ ᠬᠡᠯᠪᠡᠷᠢ | ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠲᠤᠰᠬᠠᠢ | ᠠᠵᠢᠯᠯᠠᠭ᠎ᠠ ᠶᠢᠨ ᠮᠡᠳᠡᠴᠡ ᠶᠢᠨ ᠬᠡᠮᠵᠢᠶ᠎ᠡ ᠪᠣᠯᠤᠨ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠦᠷᠭᠡᠦᠨᠬᠡᠨ᠂ | ᠡᠭᠦᠨ ᠤ ᠬᠠᠮᠲᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ | ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠰᠬᠠᠢ ᠲᠥᠷᠥᠯ ᠤᠨ ᠠᠵᠢᠯᠯᠠᠭ᠎ᠠ ᠦᠨᠡᠨ ᠪᠣᠳᠠᠲᠠᠢ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠦᠵᠡᠰᠬᠦᠯᠡᠩᠲᠦ ᠰᠠᠶᠢᠬᠠᠨ ᠳᠥᠷᠪᠡᠳ ᠬᠤᠰᠢᠭᠤ ᠶᠢ ᠪᠦᠲᠦᠭᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠼᠠᠢ ᠴᠢᠩ ᠴᠦᠨ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |