ᠮᠠᠨ ᠤ ᠬᠤᠰᠢᠭᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠤᠭᠰᠠᠨ | | 3 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠠᠵᠤ ᠠᠬᠤᠢ ᠨᠡᠶᠢᠭᠡᠮ ᠤᠨ ᠬᠦᠭᠵᠢᠯᠳᠡ ᠶᠢ | ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ | ᠬᠤᠷᠠᠯ ᠳᠡᠭᠡᠷ᠎ᠡ᠂ 2024 ᠣᠨ ᠤ ᠪᠦᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠦᠯᠵᠦ᠂2025 ᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ᠬᠤᠰᠢᠭᠤ ᠨᠠᠮ ᠤᠨ ᠬᠤᠷᠢᠶᠠᠨ ᠤ ᠱᠦᠵᠢ ᠵᠣᠣ | ᠵᠢᠶᠠᠨ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠰᠦᠯᠳᠡ ᠬᠤᠷᠠᠯ ᠡᠷᠬᠢᠯᠡᠪᠡ᠃ | ᠵᠣᠣ ᠵᠢᠶᠠᠨ ᠫᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠰᠢᠨ᠎ᠡ ᠵᠠᠮ ᠢᠶᠠᠷ ᠳᠤᠮᠳᠠ ᠵᠡᠷᠭᠡ ᠶᠢᠨ | ᠤᠷᠤᠰᠬᠠᠯ ᠳᠤ ᠣᠷᠣᠬᠤ ᠢᠲᠡᠭᠡᠯ ᠵᠣᠷᠢᠭ ᠢᠶᠠᠨ ᠦᠨᠡᠨᠬᠦ ᠨᠡᠮᠡᠭᠳᠡᠭᠦᠯᠵᠦ᠂ ᠪᠦᠬᠦ ᠣᠷᠣᠨ ᠤ 103 ᠬᠤᠰᠢᠭᠤ | ᠰᠢᠶᠠᠨ ᠬᠤᠲᠠ ᠲᠣᠭᠤᠷᠢᠭ ᠪᠣᠯᠤᠨ ᠪᠦᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠤᠨ ᠳᠤᠮᠳᠠᠬᠢ | ᠪᠠᠶᠢᠷᠢ ᠲᠣᠭᠲᠠᠭᠠᠯᠲᠠ ᠶᠢ ᠣᠨᠣᠪᠴᠢᠲᠠᠢ ᠡᠷᠢᠵᠦ᠂ ᠰᠢᠨ᠎ᠡ ᠡᠨᠧᠷᠭᠢ᠂ ᠲᠥᠮᠥᠰᠥ᠂ ᠢᠳᠡᠰᠢᠨ ᠦᠬᠡᠷ ᠬᠤᠨᠢ᠂ | ᠵᠢᠭᠤᠯᠴᠢᠯᠠᠯ ᠵᠡᠷᠭᠡ ᠳᠥᠷᠪᠡᠨ ᠶᠡᠭᠡ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠬᠦ ᠪᠠᠷ ᠴᠢᠷᠮᠠᠶᠢᠵᠤ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠠᠭᠤᠨ ᠳ᠋ᠦᠩᠰᠢᠭᠤᠷ ᠤᠨ ᠶᠡᠭᠡ ᠪᠣᠭᠤᠮᠲᠠ ᠶᠢ ᠲᠦᠷᠭᠡᠬᠡᠨ | ᠳᠠᠪᠠᠭᠤᠯᠬᠤ ᠪᠠᠷ ᠴᠢᠷᠮᠠᠶᠢᠬᠤ ᠬᠡᠷᠡᠭᠲᠡᠢ᠃《ᠲᠠᠪᠤᠨ ᠶᠡᠭᠡ ᠡᠭᠦᠷᠭᠡ》 ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠤᠰᠢᠭᠤ ᠱᠠᠲᠤᠨ ᠤ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠡᠭᠡᠳᠦ ᠱᠠᠲᠤᠨ ᠤ ᠰᠠᠯᠠᠭ᠎ᠠ ᠮᠥᠴᠢᠷ | ᠯᠦᠭᠡ ᠶᠢᠨ ᠬᠠᠷᠢᠯᠴᠠᠭ᠎ᠠ ᠪᠠᠨ ᠰᠠᠶᠢᠲᠤᠷ ᠬᠢᠵᠦ᠂ ᠥᠪᠡᠷ ᠤᠨ ᠪᠡᠶ᠎ᠡ ᠪᠠᠷ ᠢᠶᠠᠨ ᠰᠠᠶᠢᠲᠤᠷ ᠠᠳᠬᠤᠵᠤ᠂ ᠮᠠᠨ ᠤ | ᠬᠤᠰᠢᠭᠤᠨ ᠤ ᠪᠣᠳᠠᠲᠠᠢ ᠠᠷᠭ᠎ᠠ ᠬᠡᠮᠵᠢᠶ᠎ᠡ ᠪᠠᠨ ᠲᠣᠭᠲᠠᠭᠠᠵᠤ᠂ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠴᠠᠭ | ᠲᠤᠬᠠᠢ ᠳᠤᠨᠢ ᠴᠢᠨᠠᠷᠯᠢᠭ ᠪᠡᠶᠡᠯᠡᠭᠦᠯᠬᠦ ᠶᠢ ᠪᠠᠲᠤᠯᠠᠨ᠎ᠠ᠃ ᠬᠠᠷᠠᠯᠲᠠ ᠪᠠᠷ ᠬᠥᠲᠥᠯᠦᠨ ᠳᠠᠭᠠᠭᠤᠯᠬᠤ᠂ ᠦᠷ᠎ᠡ | ᠳ᠋ᠦ᠋ᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 《ᠵᠢᠷᠭᠤᠭᠠᠨ ᠠᠵᠢᠯᠯᠠᠭ᠎ᠠ》 ᠶᠢ ᠠᠬᠢᠭᠤᠯᠬᠤ ᠠᠵᠢᠯ ᠤᠨ | ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠵᠦ᠂ 《ᠵᠢᠷᠭᠤᠭᠠᠨ ᠠᠵᠢᠯᠯᠠᠭ᠎ᠠ》 ᠶᠢ ᠪᠥᠬᠦ ᠬᠦᠴᠦᠨ ᠢᠶᠠᠷ | ᠠᠬᠢᠭᠤᠯᠵᠤ᠂ ᠪᠣᠳᠠᠲᠤ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠨ᠎ᠠ᠃ ᠲᠣᠭᠲᠠᠭᠰᠠᠨ ᠠᠵᠢᠯ ᠤᠨ ᠲᠥᠯᠥᠪᠯᠡᠭᠡ | ᠪᠣᠯᠤᠨ ᠬᠠᠷᠠᠯᠲᠠ ᠶᠢᠨ ᠡᠭᠦᠷᠭᠡ ᠶᠢᠨ ᠶᠣᠰᠣᠭᠠᠷ᠂ ᠪᠤᠰᠢᠭᠤᠬᠠᠨ ᠬᠥᠳᠡᠯᠦᠯᠴᠡᠵᠦ᠂ ᠡᠯ᠎ᠡ ᠵᠦᠢᠯ ᠤᠨ ᠠᠵᠢᠯ ᠢ | ᠥᠨᠳᠥᠷ ᠦᠷ᠎ᠡ ᠪᠦᠲᠦᠮᠵᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ | ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ | ᠠᠷᠠᠳ ᠠᠴᠠ ᠡᠵᠡᠩᠨᠡᠭᠰᠡᠨ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠪᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |