ᠳᠥᠷᠪᠡᠳ ᠬᠤᠰᠢᠭᠤᠨ ᠤ ᠳ᠋ᠦ᠋ᠩ ᠪᠠ ᠬᠤᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ  ᠵᠥᠷᠢᠴᠡᠯ ᠢ ᠰᠢᠢᠳᠪᠦᠷᠢᠯᠡᠵᠦ ᠪᠦᠬᠦ ᠲᠠᠯ᠎ᠠ ᠪᠠᠷ ᠣᠯᠠᠨ ᠲᠦᠮᠡᠨ ᠳᠤ ᠦᠢᠯᠡᠴᠢᠯᠡᠶ᠎ᠡ
ᠨᠡᠶᠢᠲᠡᠯᠡᠭᠰᠡᠨ ᠴᠠᠭ᠄
2025/3/21
      ᠳᠥᠷᠪᠡᠳ ᠬᠤᠰᠢᠭᠤᠨ ᠤ ᠳ᠋ᠦ᠋ᠩ ᠪᠠ ᠬᠤᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ  ᠵᠥᠷᠢᠴᠡᠯ ᠢ ᠰᠢᠢᠳᠪᠦᠷᠢᠯᠡᠵᠦ ᠪᠦᠬᠦ ᠲᠠᠯ᠎ᠠ ᠪᠠᠷ ᠣᠯᠠᠨ ᠲᠦᠮᠡᠨ ᠳᠤ ᠦᠢᠯᠡᠴᠢᠯᠡᠶ᠎ᠡ      ᠣᠶᠢᠷ᠎ᠠ ᠳᠤ᠂ ᠳᠥᠷᠪᠡᠳ ᠬᠤᠰᠢᠭᠤᠨ ᠤ ᠳ᠋ᠦ᠋ᠩ ᠪᠠ ᠬᠤᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠳᠦᠷᠢᠮᠵᠢᠭᠰᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠣᠳᠠᠲᠤ ᠴᠣᠭᠴᠠ ᠶᠢᠨ ᠪᠡᠯᠡ ᠣᠷᠣᠭᠤᠯᠤᠯᠲᠠ ᠶᠢᠨ ᠪᠠᠷᠢᠮᠵᠢᠶᠠᠨ ᠳᠤ ᠵᠢᠩᠬᠢᠨᠢ ᠪᠠᠷ ᠠᠵᠢᠯ ᠳᠠᠭᠠᠨ ᠣᠷᠣᠭᠰᠠᠨ ᠤ ᠰᠢᠨᠵᠢ ᠲᠡᠮᠳᠡᠭ ᠨᠢ ᠳ᠋ᠦ᠋ᠩ ᠪᠠ ᠬᠤᠣ ᠰᠢᠶᠠᠩ ᠰᠢᠶᠠᠩ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ 
3.17+1.jpg
      ᠳ᠋ᠦ᠋ᠩ ᠪᠠ ᠬᠤᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠨᠢ ᠵᠡᠭᠦᠨ ᠨᠠᠢᠮᠠᠳᠤᠭᠠᠷ ᠨᠣᠮᠧᠷᠲᠦ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠠᠰᠠᠷ ᠤᠨ ᠪᠠᠷᠠᠭᠤᠨ ᠲᠢᠩᠬᠢᠮ ᠳᠤ ᠪᠠᠶᠢᠷᠢᠯᠠᠵᠤ᠂ ᠲᠠᠯᠠᠪᠠᠢ ᠨᠢ 188 ᠲᠡᠭᠰᠢ ᠳᠥᠷᠪᠡᠯᠵᠢᠨ ᠮᠧᠳ᠋ᠷ ᠪᠠᠶᠢᠵᠤ᠂ 《 ᠲᠤᠰᠬᠠᠢ ᠲᠤᠰᠢᠶᠠᠯ ᠤᠨ ᠡᠩᠨᠡᠭᠡ + ᠬᠥᠮᠦᠨ ᠲᠣᠮᠢᠯᠠᠨ ᠰᠠᠭᠤᠯᠭᠠᠬᠤ + ᠬᠠᠮᠵᠢᠯᠴᠠᠨ ᠣᠷᠣᠯᠴᠠᠬᠤ 》 ᠬᠡᠪ ᠵᠠᠭᠪᠤᠷ ᠤᠨ ᠶᠣᠰᠣᠭᠠᠷ ᠡᠭᠦᠳᠦᠨ ᠪᠠᠶᠢᠭᠤᠯᠵᠤ᠂ ᠣᠯᠠᠨ ᠲᠦᠮᠡᠨ ᠬᠦᠯᠢᠶᠡᠨ ᠵᠣᠴᠢᠯᠠᠬᠤ᠂ ᠬᠠᠤᠯᠢ ᠴᠠᠭᠠᠵᠠ ᠶᠢᠨ ᠦᠢᠯᠡᠴᠢᠯᠡᠭᠡ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ 12345 ᠬᠠᠯᠠᠮᠰᠢᠯ ᠤᠲᠠᠰᠤ ᠶᠢᠨ ᠤᠴᠢᠷ ᠶᠠᠪᠤᠳᠠᠯ ᠢ ᠰᠢᠢᠳᠪᠦᠷᠢᠯᠡᠬᠦ᠂ ᠶᠡᠷᠦᠩᠬᠡᠶᠢᠯᠡᠨ ᠵᠠᠰᠠᠬᠤ 6 《 ᠴᠣᠩᠬᠤ 》 ᠪᠠ ᠣᠯᠠᠨ ᠲᠦᠮᠡᠨ ᠢ ᠬᠦᠯᠢᠶᠡᠨ ᠵᠣᠴᠢᠯᠠᠬᠤ ᠲᠠᠰᠤᠭ᠂ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠤᠳᠤᠯᠤᠨ ᠮᠠᠭᠠᠳᠯᠠᠬᠤ ᠲᠠᠰᠤᠭ 4 ᠴᠢᠳᠠᠮᠵᠢᠲᠤ ᠲᠠᠰᠤᠭ ᠪᠠᠶᠢᠭᠤᠯᠵᠤ ᠂ ᠡᠯ᠎ᠡ ᠭᠠᠵᠠᠷ ᠣᠷᠣᠨ ᠬᠠᠷᠢᠯᠴᠠᠨ ᠬᠤᠯᠪᠣᠭᠠᠯᠠᠨ ᠬᠥᠳᠡᠯᠦᠯᠴᠡᠬᠦ᠂ ᠵᠢᠷᠤᠮᠵᠢᠭᠰᠠᠨ ᠦᠢᠯᠡᠴᠢᠯᠡᠭᠡ᠂ ᠲᠤᠰᠬᠠᠢ ᠠᠵᠢᠯ ᠤᠨ ᠲᠣᠬᠢᠷᠠᠭᠤᠯᠤᠨ ᠰᠢᠢᠳᠪᠦᠷᠢᠯᠡᠬᠦ ᠶᠢ ᠪᠡᠶᠡᠯᠡᠭᠦᠯᠵᠦ᠂ ᠬᠠᠲᠠᠭᠤ ᠲᠣᠨᠤᠭ ᠢ ᠪᠠᠷᠢᠮᠵᠢᠶᠠᠵᠢᠭᠤᠯᠬᠤ᠂ ᠵᠥᠭᠡᠯᠡᠨ ᠲᠣᠨᠤᠭ ᠢ ᠵᠢᠷᠤᠮᠵᠢᠭᠤᠯᠬᠤ᠂ ᠴᠢᠳᠠᠮᠵᠢ ᠨᠢ ᠪᠦᠷᠢᠨ ᠲᠥᠬᠦᠷ᠂ ᠠᠷᠠᠳ ᠲᠤ ᠳᠥᠭᠦᠮ ᠦᠵᠡᠭᠦᠯᠬᠦ ᠥᠨᠳᠥᠷ ᠦᠷ᠎ᠡ ᠪᠦᠲᠦᠮᠵᠢᠲᠡᠢ ᠪᠦᠬᠦ ᠲᠠᠯ᠎ᠠ ᠶᠢᠨ ᠠᠵᠢᠯ ᠤᠨ ᠵᠢᠭᠰᠠᠭᠠᠯ ᠤᠨ ᠭᠠᠵᠠᠷ ᠢ ᠪᠠᠶᠢᠭᠤᠯᠪᠠ᠃
3.17+2.jpg
       ᠣᠯᠠᠨ ᠲᠦᠮᠡᠨ ᠬᠦᠯᠢᠶᠡᠨ ᠠᠪᠬᠤ ᠲᠢᠩᠬᠢᠮ ᠳᠤ ᠬᠦᠷᠪᠡᠯ ᠡᠯ᠎ᠡ ᠵᠦᠢᠯ ᠤᠨ ᠭᠤᠮᠣᠳᠠᠯ ᠱᠠᠭᠠᠷᠳᠠᠯᠭ᠎ᠠ ᠶᠢ ᠰᠢᠭᠤᠳ ᠲᠤᠰᠬᠠᠵᠤ᠂ ᠠᠵᠢᠯᠲᠠᠳ ᠨᠢ ᠲᠡᠷᠡ ᠳᠠᠷᠤᠢ ᠳᠤᠨᠢ ᠳᠠᠩᠰᠠᠯᠠᠵᠤ᠂ ᠰᠠᠯᠭᠠᠵᠤ ᠰᠢᠢᠳᠪᠦᠷᠢᠯᠡᠨ᠎ᠡ᠃ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠭᠡᠷ ᠲᠤ ᠲᠤᠰᠬᠠᠢ ᠮᠡᠷᠭᠡᠵᠢᠯ ᠤᠨ ᠡᠶᠡᠳᠡᠭᠦᠯᠦᠭᠴᠢ ᠲᠣᠬᠢᠷᠠᠭᠤᠯᠵᠤ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠦᠨᠳᠦᠰᠦᠨ ᠱᠠᠲᠤᠨ ᠤ ᠰᠢᠭᠦᠬᠦ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠣᠷᠣᠭᠤᠯᠤᠨ ᠠᠪᠴᠢᠷᠠᠵᠤ᠂ ᠡᠯ᠎ᠡ ᠲᠥᠷᠥᠯ ᠤᠨ ᠵᠥᠷᠢᠴᠡᠯ ᠢ ᠦᠨᠳᠦᠰᠦᠨ ᠱᠠᠲᠤᠨ ᠳᠤ ᠠᠷᠢᠯᠭᠠᠨ᠂ ᠴᠤᠬᠤᠶᠢᠵᠤ ᠪᠠᠶᠢᠬᠤ ᠪᠠᠶᠢᠳᠠᠯ ᠳᠤᠨᠢ ᠠᠷᠢᠯᠭᠠᠬᠤ ᠪᠠᠷ ᠴᠢᠷᠮᠠᠶᠢᠵᠠᠢ᠃ ᠲᠥᠪ ᠪᠠᠰᠠ ᠰᠡᠳᠬᠢᠴᠡ ᠶᠢᠨ ᠠᠰᠠᠭᠤᠨ ᠯᠠᠪᠯᠠᠬᠤ ᠥᠷᠥᠭᠡ ᠭᠠᠷᠭᠠᠵᠤ᠂ ᠰᠡᠳᠬᠢᠯ ᠰᠠᠨᠠᠭᠠᠨ ᠤ ᠲᠠᠯ᠎ᠠ ᠪᠠᠷ ᠬᠦᠴᠢᠷᠳᠡᠯ ᠲᠠᠢ ᠣᠯᠠᠨ ᠲᠦᠮᠡᠨ ᠳᠤ ᠲᠤᠰᠬᠠᠢ ᠮᠡᠷᠭᠡᠵᠢᠯ ᠤᠨ ᠬᠠᠪᠰᠤᠷᠤᠯᠭ᠎ᠠ ᠳᠡᠮᠵᠢᠯᠭᠡ ᠬᠠᠩᠭᠠᠵᠠᠢ᠃
3.17+3.jpg
      ᠳ᠋ᠦ᠋ᠩ ᠪᠠ ᠬᠤᠣ ᠰᠢᠶᠠᠩ ᠡᠬᠢ ᠪᠠᠶᠠᠯᠢᠭ ᠢᠶᠠᠨ ᠨᠢᠭᠡᠳᠬᠡᠬᠦ᠂ ᠬᠦᠴᠦᠨ ᠢᠶᠠᠨ ᠲᠥᠪᠯᠡᠷᠡᠭᠦᠯᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠥᠨᠳᠥᠷ ᠦᠷ᠎ᠡ ᠪᠦᠲᠦᠮᠵᠢᠲᠡᠢ ᠠᠵᠢᠯᠯᠠᠬᠤ ᠵᠠᠭᠪᠤᠷ ᠢᠶᠠᠷ 《 ᠨᠢᠭᠡ ᠥᠷᠲᠡᠭᠡ ᠮᠠᠶ᠋ᠢᠭ 》 ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠠᠷᠢᠯᠭᠠᠬᠤ ᠵᠢᠭᠰᠡᠭᠠᠯ ᠤᠨ ᠭᠠᠵᠠᠷ ᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠳᠤ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠦᠨᠡᠨᠬᠦ ᠪᠠᠲᠤ ᠪᠠᠬᠢ ᠪᠠᠶᠢᠭᠤᠯᠵᠤ᠂ 《 ᠪᠠᠭ᠎ᠠ ᠶᠠᠪᠤᠳᠠᠯ ᠢ ᠲᠣᠰᠬᠤᠨ᠋‌‍ᠠ᠋ᠴᠠ ᠭᠠᠷᠭᠠᠬᠤ ᠥᠬᠡᠢ᠂ ᠶᠡᠭᠡ ᠶᠠᠪᠤᠳᠠᠯ ᠢ ᠰᠢᠶᠠᠩ ᠠᠴᠠ ᠭᠠᠷᠭᠠᠬᠤ ᠥᠬᠡᠢ᠂ ᠵᠥᠷᠢᠴᠡᠯ ᠢ ᠳᠡᠭᠡᠭᠰᠢ ᠲᠤᠰᠢᠶᠠᠬᠤ ᠥᠬᠡᠢ 》 ᠪᠠᠶᠢᠬᠤ ᠶᠢ ᠦᠨᠡᠨᠬᠦ ᠪᠡᠶᠡᠯᠡᠭᠦᠯᠦᠨ᠎ᠡ᠃          ᠳ᠋ᠦ᠋ᠩ ᠪᠠ ᠬᠤᠣ ᠰᠢᠶᠠᠩ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠡᠷᠬᠢᠯᠡᠭᠴᠢ ᠠᠨ ᠵᠢᠶᠠᠨ ᠪᠢᠩ ᠬᠡᠯᠡᠭᠰᠡᠨ ᠨᠢ᠄ 《 ᠳ᠋ᠦ᠋ᠩ ᠪᠠ ᠬᠤᠣ ᠰᠢᠶᠠᠩ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠳᠦᠷᠢᠮᠵᠢᠭᠰᠡᠨ ᠪᠠᠶᠢᠭᠤᠯᠤᠯᠲᠠ᠂ ᠪᠣᠳᠠᠲᠤ ᠴᠣᠭᠴᠠᠲᠤ ᠠᠵᠢᠯᠯᠠᠭ᠎ᠠ ᠪᠣᠯ ᠪᠢᠳᠡᠨ ᠤ ᠦᠨᠳᠦᠰᠦᠨ ᠱᠠᠲᠤᠨ ᠤ ᠵᠠᠰᠠᠨ ᠴᠡᠭᠴᠡᠯᠡᠯᠲᠡ ᠶᠢ ᠴᠢᠩᠭᠠᠳᠬᠠᠬᠤ ᠴᠢᠬᠤᠯᠠ ᠠᠷᠭ᠎ᠠ ᠠᠪᠴᠠᠯ ᠪᠣᠯᠤᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠨ᠂ ᠪᠢᠳᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠨᠡᠩ ᠥᠨᠳᠥᠷ ᠪᠦᠲᠦᠮᠵᠢᠲᠡᠢ ᠪᠠᠷ ᠰᠢᠢᠳᠪᠦᠷᠢᠯᠡᠵᠦ᠂ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠦᠨᠡᠨ  ᠬᠦ ᠪᠣᠢ ᠪᠣᠯᠭᠠᠵᠤ ᠴᠢᠳᠠᠨ᠎ᠠ᠃ ᠳᠠᠷᠠᠭ᠎ᠠ ᠠᠯᠬᠤᠮ ᠳᠤ᠂ ᠪᠢᠳᠡ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ᠂ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠡᠭᠦᠰᠴᠡ ᠪᠠ ᠵᠣᠭᠰᠣᠴᠠ ᠪᠣᠯᠭᠠᠵᠤ᠂ ᠰᠢᠨ᠎ᠡ ᠶᠢ ᠡᠭᠦᠳᠬᠦ ᠰᠡᠳᠬᠢᠬᠦᠢ᠂ ᠬᠠᠤᠯᠢ ᠪᠠᠷ ᠵᠠᠰᠠᠬᠤ ᠰᠡᠳᠬᠢᠴᠡ ᠪᠠᠷ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠨᠡᠮᠡᠭᠳᠡᠭᠦᠯᠵᠦ᠂ ᠠᠷᠠᠳ ᠣᠯᠠᠨ ᠳᠤ ᠠᠵᠢᠯ ᠶᠠᠪᠤᠳᠠᠯ ᠭᠦᠢᠴᠡᠳᠬᠡᠬᠦ ᠳᠤ 〈 ᠨᠢᠭᠡ ᠯᠡ ᠡᠭᠦᠳᠡ ᠪᠠᠷ ᠣᠷᠣᠵᠤ᠂ ᠬᠠᠮᠤᠭ ᠠᠷᠪᠢᠨ ᠳᠠᠭᠠᠨ ᠨᠢᠭᠡ ᠭᠠᠵᠠᠷ ᠭᠦᠶᠦᠭᠡᠷᠡᠢ 〉 ᠪᠣᠯᠭᠠᠵᠤ᠂ ᠦᠢᠯᠡᠴᠢᠯᠡᠭᠡ ᠨᠢ ᠣᠭᠲᠣ ᠵᠥᠷᠢᠶ᠎ᠡ ᠥᠬᠡᠢ ᠪᠠᠷ ᠦᠢᠯᠡᠴᠢᠯᠡᠵᠦ ᠪᠠᠶᠢᠭ᠎ᠠ ᠶᠢ ᠦᠨᠡᠨᠬᠦ ᠰᠡᠷᠡᠵᠦ ᠮᠡᠳᠡᠭᠦᠯᠦᠨ᠎ᠡ ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2