ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/21
     ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ     3 ᠰᠠᠷ᠎ᠠ ᠶᠢᠨ 18 ᠤ ᠡᠳᠦᠷ᠂ ᠳᠥᠷᠪᠡᠳ ᠬᠤᠰᠢᠭᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠠᠶᠢᠴᠢᠯᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ 2024 ᠣᠨ ᠤ ᠪᠦᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠨᠡᠪᠲᠡᠷᠡᠭᠦᠯᠵᠦ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ᠬᠤᠰᠢᠭᠤ ᠨᠠᠮ ᠤᠨ ᠬᠤᠷᠢᠶᠠᠨ ᠤ ᠱᠦᠵᠢ ᠵᠣᠣ ᠵᠢᠶᠠᠨ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦᠯᠳᠡ ᠬᠤᠷᠠᠯ ᠡᠷᠬᠢᠯᠡᠪᠡ᠃
3.18+1.jpeg
     ᠵᠣᠣ ᠵᠢᠶᠠᠨ ᠫᠢᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠰᠢᠨ᠎ᠡ ᠵᠠᠮ ᠢᠶᠠᠷ ᠳᠤᠮᠳᠠ ᠵᠡᠷᠭᠡ ᠶᠢᠨ ᠤᠷᠤᠰᠬᠠᠯ ᠤᠨ ᠵᠠᠮ ᠳᠤ ᠣᠷᠣᠬᠤ ᠢᠲᠡᠭᠡᠯ ᠵᠣᠷᠢᠭ ᠢᠶᠠᠨ ᠦᠨᠡᠨᠬᠦ ᠨᠡᠮᠡᠭᠳᠡᠭᠦᠯᠵᠦ᠂ ᠪᠦᠬᠦ ᠣᠷᠣᠨ ᠤ 103 ᠬᠤᠰᠢᠭᠤ ᠰᠢᠶᠠᠨ ᠬᠤᠲᠠ ᠲᠣᠭᠤᠷᠢᠭ ᠪᠣᠯᠤᠨ ᠪᠦᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠷᠢᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠡᠨᠧᠷᠭᠢ᠂ ᠲᠥᠮᠥᠰᠥ᠂ ᠠᠯᠠᠰᠢᠨ ᠦᠬᠡᠷ ᠬᠤᠨᠢ᠂ ᠵᠢᠭᠤᠯᠴᠢᠯᠠᠯ ᠵᠡᠷᠭᠡ ᠳᠥᠷᠪᠡᠨ ᠶᠡᠭᠡ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠯᠢ ᠲᠦᠷᠭᠡᠨ ᠢᠶᠠᠷ ᠵᠠᠭᠤᠨ ᠳ᠋ᠦ᠋ᠩᠰᠢᠭᠤᠷ ᠶᠡᠭᠡ ᠪᠣᠭᠤᠮᠲᠠ ᠶᠢ ᠳᠠᠪᠠᠭᠤᠯᠬᠤ ᠪᠠᠷ ᠴᠢᠷᠮᠠᠶᠢᠬᠤ ᠬᠡᠷᠡᠭᠲᠡᠢ᠃《 ᠲᠠᠪᠤᠨ ᠶᠡᠭᠡ ᠡᠭᠦᠷᠭᠡ 》 ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ ᠱᠠᠲᠤᠨ ᠤ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠰᠠᠶᠢᠲᠤᠷ ᠬᠢᠵᠦ᠂ ᠥᠪᠡᠷ ᠤᠨ ᠪᠡᠶ᠎ᠡ ᠪᠠᠷ ᠢᠶᠠᠨ ᠪᠣᠭᠤᠮᠲᠠ ᠶᠢ ᠰᠠᠶᠢᠲᠤᠷ ᠠᠳᠬᠤᠵᠤ᠂ ᠮᠠᠨ ᠤ ᠬᠤᠰᠢᠭᠤᠨ ᠤ ᠪᠣᠳᠠᠲᠠᠢ ᠠᠷᠭ᠎ᠠ ᠬᠡᠮᠵᠢᠶ᠎ᠡ ᠪᠠᠨ ᠲᠣᠭᠲᠠᠭᠠᠵᠤ᠂ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠴᠢᠨᠠᠷᠯᠢᠭ ᠪᠡᠶᠡᠯᠡᠭᠦᠯᠬᠦ ᠶᠢ ᠪᠠᠲᠤᠯᠠᠨ᠎ᠠ᠃ᠬᠠᠷᠠᠯᠲᠠ ᠪᠠᠷ ᠬᠥᠲᠥᠯᠦᠨ ᠳᠠᠭᠠᠭᠤᠯᠬᠤ᠂ ᠦᠷ᠎ᠡ ᠳ᠋ᠦ᠋ᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 《 ᠵᠢᠷᠭᠤᠭᠠᠨ ᠠᠵᠢᠯᠯᠠᠭ᠎ᠠ 》 ᠶᠢ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠵᠦ᠂ 《 ᠵᠢᠷᠭᠤᠭᠠᠨ ᠠᠵᠢᠯᠯᠠᠭ᠎ᠠ 》 ᠶᠢ ᠪᠥᠬᠦ ᠬᠦᠴᠦᠨ ᠢᠶᠠᠷ ᠠᠬᠢᠭᠤᠯᠵᠤ᠂ ᠪᠣᠳᠠᠲᠤ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠨ᠎ᠠ᠃ᠠᠵᠢᠯ ᠬᠢᠵᠦ ᠦᠢᠯᠡᠰ ᠪᠦᠲᠦᠭᠡᠬᠦ᠂ ᠵᠣᠷᠢᠭᠲᠠᠢ ᠪᠠᠷ ᠡᠭᠦᠷᠭᠡᠯᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠤᠬᠠᠮᠰᠠᠷ  ᠠᠴᠠ ᠪᠠᠨ ᠰᠠᠨᠠᠭᠠᠴᠢᠯᠠᠭ᠎ᠠ ᠠᠴᠠ ᠪᠠᠨ ᠵᠣᠭᠰᠣᠨ ᠲᠤᠰ ᠪᠠᠶᠢᠭᠤᠯᠤᠯᠭ᠎ᠠ ᠨᠢᠭᠡᠴᠡ ᠶᠢᠨ ᠠᠵᠢᠯ ᠢᠶᠠᠨ ᠪᠣᠳᠣᠯᠬᠢᠯᠠᠨ ᠲᠥᠯᠥᠪᠯᠡᠵᠦ᠂ 《 ᠣᠶᠢᠯᠠᠭᠠᠯᠴᠠᠬᠤ ᠰᠡᠳᠬᠢᠬᠦᠢ ᠲᠠᠢ 》 ᠪᠠᠷ ᠠᠵᠢᠯ ᠢᠶᠠᠨ ᠠᠬᠢᠭᠤᠯᠬᠤ ᠲᠡᠷᠢᠭᠦᠨ ᠰᠣᠩᠭᠤᠯᠲᠠ᠂ ᠡᠷᠬᠡᠪᠰᠢ ᠰᠣᠩᠭᠤᠬᠤ ᠵᠦᠢᠯ ᠪᠣᠯᠭᠠᠵᠤ᠂ ᠲᠣᠭᠲᠠᠭᠰᠠᠨ ᠠᠵᠢᠯ ᠤᠨ ᠲᠥᠯᠥᠪᠯᠡᠭᠡ ᠪᠠ ᠬᠠᠷᠠᠯᠲᠠ ᠡᠭᠦᠷᠭᠡ ᠪᠠᠨ ᠪᠣᠯᠭᠠᠵᠤ ᠂ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠲᠥᠷᠥᠯ ᠤᠨ ᠠᠵᠢᠯ ᠢᠶᠠᠨ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃
3.18+2.jpeg
       ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠥᠪᠡᠷ ᠤᠨ ᠭᠡᠷ ᠲᠤ ᠪᠠᠨ ᠤᠳᠤᠷᠢᠳᠤᠨ᠂ ᠡᠯ᠎ᠡ ᠰᠤᠮᠤ᠂ ᠰᠢᠶᠠᠩ ᠰᠠᠭᠤᠷᠢᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠪᠤᠷᠢ ᠶᠢᠨ ᠭᠤᠣᠯ ᠬᠠᠷᠢᠭᠤᠴᠠᠯᠭᠠᠲᠠᠨ᠂ ᠬᠤᠪ ᠤᠨ ᠬᠡᠪᠰᠢᠯ ᠤᠨ ᠬᠡᠰᠡᠭ ᠠᠵᠤ ᠠᠬᠤᠢ ᠶᠢᠨ ᠨᠢᠭᠡᠴᠡ ᠶᠢᠨ ᠲᠥᠯᠥᠭᠡᠯᠡᠭᠴᠢᠳ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2