ᠵᠢᠢ ᠱᠧᠩ ᠲᠠᠢ ᠪᠠᠯᠭᠠᠰᠤ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/3/24
      ᠵᠢᠢ ᠱᠧᠩ ᠲᠠᠢ ᠪᠠᠯᠭᠠᠰᠤ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠢᠪᠡ      ᠣᠶᠢᠷ᠎ᠠ ᠳᠤ᠂ ᠳᠥᠷᠪᠡᠳ ᠬᠤᠰᠢᠭᠤᠨ ᠤ ᠵᠢᠢ ᠱᠧᠩ ᠲᠠᠢ ᠪᠠᠯᠭᠠᠰᠤᠨ ᠤ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠬᠠᠤᠯᠢ ᠴᠠᠭᠠᠵᠠ ᠬᠠᠤᠯᠢ ᠳᠦᠷᠢᠮ ᠵᠡᠷᠭᠡ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂  ᠬᠤᠷᠠᠯ ᠠᠴᠠ ᠳᠡᠭᠡᠷ᠎ᠡ ᠱᠠᠲᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠬᠠᠤᠯᠢ ᠴᠠᠭᠠᠵᠠ ᠬᠠᠤᠯᠢ ᠳᠦᠷᠢᠮ᠂ ᠯᠤᠤ ᠶᠢᠨ ᠶᠠᠰᠤ ᠬᠤᠯᠠᠭᠠᠶᠢᠯᠠᠨ ᠮᠠᠯᠲᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠢ ᠤᠬᠠᠭᠤᠯᠭ᠎ᠠ ᠪᠣᠯᠪᠠᠰᠤᠷᠠᠯ ᠬᠢᠪᠡ᠃       ᠪᠣᠯᠪᠠᠰᠣᠷᠠᠭᠤᠯᠤᠯ ᠤᠨ ᠠᠭᠤᠯᠭ᠎ᠠ ᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠶᠤᠯ ᠥᠬᠡᠢ ᠶᠢᠨ ᠮᠡᠳᠡᠯᠭᠡ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠠᠮᠤ ᠪᠤᠳᠠᠭᠠᠨ ᠤ ᠠᠮᠤᠷ ᠲᠦᠪᠰᠢᠨ᠂ ᠤᠰᠤ ᠠᠷᠪᠢᠯᠠᠬᠤ ᠵᠡᠷᠭᠡ ᠲᠠᠢ ᠨᠢᠭᠲᠡ ᠨᠠᠭᠠᠯᠳᠤᠭᠤᠯᠬᠤ ᠶᠢᠨ ᠬᠠᠮᠲᠤ᠂ ᠬᠠᠮᠢᠶ᠎ᠠ ᠪᠦᠬᠦᠢ ᠺᠠᠳ᠋ᠷᠴᠤᠳ ᠢ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠬᠤ ᠬᠡᠷᠡᠭᠲᠡᠢ᠃ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠶᠢᠨ ᠬᠠᠮᠲᠤ ᠲᠠᠷᠢᠶᠠᠯᠠᠩ ᠤᠨ ᠮᠠᠰᠢᠨ ᠪᠠᠭᠠᠵᠢ᠂ ᠦᠷ᠎ᠡ ᠂ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠤ ᠠᠶᠤᠯ ᠥᠬᠡᠢ ᠶᠢ ᠦᠨᠡᠨᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠤᠰᠤ ᠠᠷᠪᠢᠯᠠᠬᠤ ᠠᠵᠢᠯᠯᠠᠭ᠎ᠠ ᠶᠢ ᠡᠳᠦᠷ ᠲᠤᠲᠤᠮ ᠤᠨ ᠲᠠᠷᠢᠶᠠᠯᠠᠩ ᠤᠨ ᠤᠰᠤᠯᠠᠯᠲᠠ ᠳᠤ ᠪᠦᠲᠦᠮᠵᠢᠲᠡᠢ ᠪᠠᠷ ᠨᠡᠪᠲᠡᠷᠡᠭᠦᠯᠬᠦ ᠬᠡᠷᠡᠭᠲᠡᠢ᠃        ᠬᠤᠯᠪᠣᠭᠳᠠᠯ ᠪᠦᠬᠦᠢ ᠪᠠᠶᠢᠭᠤᠯᠤᠯᠭ᠎ᠠ ᠵᠢᠴᠢ ᠬᠡᠰᠡᠭ ᠲᠣᠰᠬᠤᠨ ᠤ ᠠᠷᠠᠳ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2