ᠮᠠᠨ ᠤ ᠬᠤᠰᠢᠭᠤ ᠳᠡᠯᠡᠬᠡᠢ ᠶᠢᠨ ᠤᠰᠤᠨ ᠤ ᠡᠳᠦᠷ ᠤᠨ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ | ᠦᠷᠨᠢᠭᠦᠯᠦᠭᠰᠡᠨ | | ᠮᠠᠨ ᠤ ᠬᠤᠰᠢᠭᠤ᠂ ᠭᠤᠴᠢᠨ ᠭᠤᠷᠪᠠᠳᠤᠭᠠᠷ ᠬᠤᠭᠤᠴᠠᠭᠠᠨ ᠤ《ᠳᠡᠯᠡᠬᠡᠢ ᠶᠢᠨ ᠤᠰᠤᠨ ᠤ | ᠡᠳᠦᠷ》ᠭᠤᠴᠢᠨ ᠨᠠᠢᠮᠠᠳᠤᠭᠠᠷ ᠬᠤᠭᠤᠴᠠᠭᠠᠨ ᠤ《ᠳᠤᠮᠳᠠᠳᠤ ᠤᠯᠤᠰ ᠤᠨ ᠤᠰᠤᠨ ᠤ ᠭᠠᠷᠠᠭ》ᠬᠦᠷᠴᠦ ᠢᠷᠡᠬᠦ | ᠲᠠᠰᠢᠷᠠᠮ ᠢᠶᠠᠷ᠂《ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ | ᠤᠰᠤᠨ ᠤ ᠠᠮᠤᠷ ᠲᠦᠪᠰᠢᠨ ᠢ ᠪᠠᠲᠤᠯᠠᠬᠤ》 ᠪᠠᠷ ᠭᠤᠣᠯ ᠰᠡᠳᠦᠪ ᠪᠣᠯᠭᠠᠭᠰᠠᠨ ᠤᠰᠤ ᠠᠷᠪᠢᠯᠠᠬᠤ | ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ ᠃ | ᠠᠵᠢᠯᠯᠠᠭ᠎ᠠ ᠶᠢᠨ ᠵᠣᠷᠢᠯᠲᠠ ᠨᠢ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ《ᠵᠢᠷᠭᠤᠭᠠᠨ | ᠠᠵᠢᠯᠯᠠᠭ᠎ᠠ》 ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠦᠬᠦ ᠣᠷᠣᠨ ᠤ ᠤᠰᠤ ᠠᠷᠪᠢᠯᠠᠬᠤ | ᠰᠢᠨ᠎ᠡ ᠪᠠᠶᠢᠳᠠᠯ ᠢ ᠪᠣᠢ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃ ᠤᠰᠤ ᠠᠷᠪᠢᠯᠠᠬᠤ ᠨᠢ ᠤᠰᠤᠨ ᠤ ᠡᠬᠢ | ᠪᠠᠶᠠᠯᠢᠭ ᠳᠤᠲᠠᠭᠳᠠᠵᠤ ᠪᠠᠶᠢᠭ᠎ᠠ ᠶᠢ ᠰᠢᠢᠳᠪᠦᠷᠢᠯᠡᠬᠦ ᠶᠢᠨ ᠪᠣᠳᠠᠲᠤ ᠰᠣᠩᠭᠤᠯᠲᠠ ᠪᠣᠯᠬᠤ ᠪᠠᠷ ᠪᠠᠷᠠᠬᠤ ᠥᠬᠡᠢ᠂ ᠨᠡᠩ | ᠴᠤ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ | ᠪᠠᠬᠢᠵᠢᠭᠦᠯᠬᠦ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠤᠨ᠎ᠠ᠃ ᠮᠠᠨ ᠤ ᠬᠤᠰᠢᠭᠤᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠲᠠᠷᠢᠶᠠᠯᠠᠩ ᠤᠨ᠂ ᠠᠵᠤ ᠦᠢᠯᠡᠳᠪᠦᠷᠢ ᠶᠢᠨ᠂ ᠬᠤᠲᠠ ᠪᠠᠯᠭᠠᠰᠤᠨ ᠤ ᠬᠦᠷᠢᠶ᠎ᠡ ᠬᠡᠪᠴᠢᠶᠡᠨ ᠳᠤ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠤᠰ ᠲᠤᠰ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠵᠣᠬᠢᠬᠤ ᠵᠠᠰᠠᠯᠲᠠ ᠬᠢᠵᠦ᠂ ᠤᠰᠤ | ᠠᠷᠪᠢᠯᠠᠬᠤ ᠪᠠᠭᠠᠵᠢ ᠬᠡᠷᠡᠭᠰᠡᠯ ᠢ ᠵᠡᠷᠭᠡ ᠳᠤᠨᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠤᠰᠤ ᠠᠷᠪᠢᠯᠠᠬᠤ | ᠤᠬᠠᠮᠰᠠᠷ ᠢ ᠴᠢᠩᠭᠠᠳᠬᠠᠨ᠎ᠠ᠃ | ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ | ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠡᠨᠡ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |