ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠷᠦᠢ ᠪᠢᠨ ᠮᠠᠨ ᠤ | ᠬᠤᠰᠢᠭᠤᠨ ᠳᠤ ᠲᠤᠭᠤᠷᠢᠨ ᠪᠠᠶᠢᠴᠠᠭᠠᠯᠲᠠ ᠬᠢᠭᠰᠡᠨ | | ᠣᠶᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠷᠦᠢ ᠪᠢᠨ | ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ《ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠵᠤ᠂ ᠬᠠᠮᠲᠤᠷᠠᠨ ᠵᠠᠰᠠᠬᠤ ᠶᠢ ᠲᠦᠯᠬᠢᠨ | ᠠᠬᠢᠭᠤᠯᠬᠤ》ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠠᠯᠲᠠ ᠤᠷᠤᠯᠴᠠᠭᠰᠠᠨ ᠪᠠᠶᠢᠨ᠎ᠠ᠃ | ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠷᠪᠡᠳ | ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ | ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠪᠠᠲᠤᠯᠠᠵᠤ ᠬᠤᠯᠪᠣᠭᠠᠯᠠᠨ | ᠵᠠᠰᠠᠬᠤ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠦᠷᠭᠦᠯᠵᠢᠯᠡᠭᠰᠡᠨ ᠬᠥᠭᠵᠢᠯᠲᠡ ᠳᠤ ᠤᠯᠤᠰ | ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠵᠢᠭᠠᠵᠤ ᠭᠠᠷᠭᠠᠭᠰᠠᠨ ᠪᠠᠶᠢᠨ᠎ᠠ ᠃ | ᠬᠤᠰᠢᠭᠤᠨ ᠤ ᠤᠳᠤᠷᠢᠳᠤᠯᠭ᠎ᠠ ᠢᠦᠢ ᠬᠤᠣ᠂ ᠵᠦ᠋ ᠯᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠼᠠᠢ ᠴᠢᠩ ᠴᠦᠨ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |