ᠵᠣᠣ ᠵᠢᠶᠠᠨ ᠫᠢᠩ ᠮᠠᠨ ᠤ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠢᠨᠵᠧᠨᠧᠷᠢᠩ ᠪᠠ ᠬᠥᠳᠡᠭᠡ | ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠭᠰᠡᠨ | | ᠬᠤᠰᠢᠭᠤ ᠨᠠᠮ ᠤᠨ ᠬᠤᠷᠢᠶᠠᠨ ᠤ ᠱᠦᠵᠢ ᠵᠣᠣ ᠵᠢᠶᠠᠨ ᠫᠢᠩ ᠣᠶᠢᠷ᠎ᠠ ᠳᠤ᠂ ᠴᠠᠭᠠᠨᠪᠤᠯᠠᠭ ᠰᠤᠮᠤᠨ ᠤ ᠪᠠᠶᠠᠨᠪᠤᠯᠠᠭ | ᠭᠠᠴᠠᠭ᠎ᠠ ᠪᠠ ᠬᠤᠩᠭᠤᠷ ᠮᠣᠩᠭᠤᠯ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ | ᠠᠵᠢᠯ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠠᠵᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ | | | | | ᠵᠣᠣ ᠵᠢᠶᠠᠨ ᠫᠢᠩ ᠂ ᠪᠠᠶᠠᠨᠪᠤᠯᠠᠭ ᠭᠠᠴᠠᠭᠠᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠢ | ᠨᠠᠷᠢᠨ ᠣᠶᠢᠯᠠᠭᠠᠵᠤ ᠲᠡᠷᠡ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠬᠠᠷᠢᠭᠤᠴᠠᠯᠭ᠎ᠠ | ᠪᠠᠨ ᠢᠮᠠᠭᠲᠠ ᠪᠠᠲᠤ ᠡᠵᠡᠮᠳᠡᠵᠦ᠂ ᠠᠮᠢ ᠠᠬᠤᠢ ᠶᠢᠨ ᠴᠢᠳᠠᠮᠵᠢ ᠶᠢᠨ ᠲᠥᠷᠥᠯ ᠲᠣᠭᠲᠠᠭᠠᠯᠲᠠ ᠳᠠᠭᠠᠨ ᠰᠠᠭᠤᠷᠢᠯᠠᠨ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠶᠢ | ᠪᠠᠷᠢᠮᠲᠠᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠭᠦᠢᠴᠡᠳ | ᠰᠠᠶᠢᠲᠤᠷ ᠬᠡᠷᠡᠭᠯᠡᠵᠦ᠂ ᠭᠡᠷ ᠣᠷᠣᠨ ᠳᠠᠭᠠᠨ ᠠᠮᠢᠳᠤᠷᠠᠬᠤ ᠰᠢᠭ᠋ ᠨᠠᠷᠢᠯᠢᠭ ᠪᠣᠳᠣᠨ ᠲᠥᠯᠥᠪᠯᠡᠵᠦ᠂ ᠡᠯᠡᠰᠦ ᠶᠢ ᠵᠠᠰᠠᠬᠤ | ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯᠡᠰᠦ ᠮᠠᠩᠬ᠎ᠠ ᠶᠢ ᠰᠡᠷᠭᠡᠶᠢᠯᠡᠨ | ᠵᠠᠰᠠᠬᠤ ᠲᠥᠯᠥᠪᠯᠡᠭᠡ ᠶᠢᠨ ᠲᠥᠰᠦᠯ ᠢ ᠵᠦᠢ ᠵᠣᠬᠢᠰᠲᠠᠢ ᠲᠣᠭᠲᠠᠭᠠᠵᠤ᠂ ᠣᠷᠣᠨ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠣᠢ ᠮᠣᠳᠣ ᠡᠪᠡᠰᠦ ᠤᠷᠭᠤᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠶᠢᠨ ᠬᠠᠮᠲᠤ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ | ᠳᠥᠷᠪᠡᠳ ᠬᠤᠰᠢᠭᠤᠨ ᠤ ᠬᠤᠩᠭᠤᠷ ᠮᠣᠩᠭᠤᠯ ᠰᠤᠷᠭᠠᠭᠤᠯᠢ ᠳᠤ᠂ ᠵᠢᠦ ᠵᠢᠶᠠᠨ ᠫᠧᠩ ᠰᠤᠷᠭᠠᠭᠤᠯᠢ ᠶᠢᠨ ᠵᠢᠭᠠᠨ | ᠰᠤᠷᠭᠠᠬᠤ ᠠᠰᠠᠷ᠂ ᠪᠠᠶᠢᠷᠢ᠂ ᠬᠤᠭᠤᠯᠠᠨ ᠭᠡᠷ ᠵᠡᠷᠭᠡ ᠵᠢᠭᠠᠨ ᠰᠤᠷᠭᠠᠬᠤ ᠲᠥᠬᠦᠭᠡᠷᠦᠮᠵᠢ ᠶᠢ ᠨᠠᠷᠢᠨ ᠬᠢᠨᠠᠮᠠᠭᠠᠢ ᠪᠠᠶᠢᠴᠠᠭᠠᠨ | ᠦᠵᠡᠵᠦ᠃ᠲᠡᠷᠡ ᠬᠡᠯᠡᠬᠦ ᠳᠡᠭᠡᠨ᠂ ᠡᠭᠦᠳᠦᠯᠲᠡ ᠲᠠᠢ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠣᠢ | ᠪᠣᠯᠭᠠᠬᠤ ᠳᠤ ᠪᠦᠲᠦᠮᠵᠢᠲᠡᠢ᠃ ᠬᠥᠳᠡᠭᠡ ᠲᠣᠰᠬᠤᠨ ᠤ ᠰᠤᠷᠭᠠᠭᠤᠯᠢ ᠶᠢᠨ ᠣᠨᠴᠠᠯᠢᠭ ᠢ ᠭᠦᠢᠴᠡᠳ ᠪᠠᠳᠠᠷᠠᠭᠤᠯᠵᠤ᠂ | ᠰᠤᠷᠭᠠᠭᠤᠯᠢ ᠶᠢᠨ ᠬᠦᠷᠢᠶᠡᠨ ᠤ 《 ᠬᠠᠲᠠᠭᠤ ᠣᠷᠴᠢᠨ ᠲᠣᠭᠤᠷᠢᠨ 》 ᠬᠢᠭᠡᠳ ᠣᠶᠤᠨ ᠤ ᠰᠣᠶᠣᠯ ᠤᠨ 《 ᠵᠥᠭᠡᠯᠡᠨ | ᠣᠷᠴᠢᠨ ᠲᠣᠭᠤᠷᠢᠨ 》 ᠢ ᠤᠶᠠᠯᠳᠤᠭᠤᠯᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ᠃ᠢᠳᠡᠭᠡᠨ ᠤ ᠠᠶᠤᠯ ᠦᠭᠡᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢᠨ | ᠳᠦᠷᠢᠮ ᠢ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠥᠪᠡᠷ ᠢ ᠪᠠᠨ ᠪᠠᠶᠢᠴᠠᠭᠠᠬᠤ ᠶᠢ | ᠴᠢᠩᠭᠠᠳᠬᠠᠵᠤ᠂ ᠢᠳᠡᠭᠡᠨ ᠤ ᠠᠶᠤᠯ ᠦᠭᠡᠢ ᠶᠢᠨ ᠪᠣᠭᠤᠮᠲᠠ ᠨᠢᠭᠡᠪᠦᠷᠢ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠶᠢᠭᠡᠢ | ᠳᠡᠭᠡᠭᠰᠢᠯᠡᠭᠦᠯᠬᠦ ᠬᠡᠷᠡᠭᠲᠡᠢ᠃ ᠡᠨᠡ ᠬᠤᠭᠤᠴᠠᠭᠠᠨ ᠳᠤ᠂ ᠵᠢᠦ ᠵᠢᠶᠠᠨ ᠫᠢᠩ ᠪᠠᠰᠠ ᠮᠠᠯᠴᠢᠨ ᠡᠷᠦᠬᠡ ᠪᠠᠷ ᠬᠦᠷᠴᠦ᠂ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠠᠢ᠃ | ᠬᠤᠰᠢᠭᠤᠨ ᠤ ᠤᠳᠤᠷᠢᠳᠤᠯᠭ᠎ᠠ ᠤᠷᠢᠬᠠᠨ᠂ ᠲᠣᠩ ᠰᠢ᠂ ᠪᠤᠶᠠᠨᠬᠦᠦ ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |