ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠦᠵᠡᠯ ᠰᠠᠨᠠᠭ᠎ᠠ ᠪᠠᠨ ᠴᠢᠯᠦᠭᠡᠯᠡᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠡᠷᠡᠮᠡᠬᠡᠶᠢᠯᠡᠨ ᠤᠷᠤᠭᠰᠢᠯᠠᠵᠤ ᠦᠨᠡᠨ ᠬᠦ᠋ ᠠᠳᠬᠤᠨ ᠪᠣᠳᠠᠲᠠᠢ ᠠᠵᠢᠯᠯᠠᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠬᠦ ᠬᠡᠷᠡᠭᠲᠡᠢ | | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠶᠢᠷ᠎ᠠ ᠳᠤ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ | ᠶᠦᠨᠨᠠᠨ ᠮᠤᠵᠢ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠰᠠᠶᠢᠳᠤᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ | ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ | ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ | ᠲᠠᠷᠢᠬᠤ ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠸᠠᠩ ᠨᠢᠩ ᠪᠣᠯᠣᠨ ᠮᠤᠵᠢ ᠶᠢᠨ ᠳᠠᠷᠤᠭ᠎ᠠ ᠸᠠᠩ ᠢᠦ᠋ᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ | ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ ᠃ | 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ | ᠦᠢᠯᠡᠰ ᠤᠨ ᠬᠦᠷᠢᠶᠡᠯᠡᠩ ᠳᠤ ᠭᠦᠷᠪᠡ᠃ ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ | ᠯᠢᠩᠬᠤᠸ᠎ᠠ ᠰᠣᠷᠭᠤᠭ ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠶᠦᠨᠨᠠᠨ ᠤ ᠬᠤᠸᠠᠷ | ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ | ᠲᠠᠷᠢᠬᠤ ᠲᠣᠭᠤᠷᠢᠭ ᠲᠤ ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ | ᠤᠠᠶᠢᠯᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ | ᠪᠠᠰᠠ ᠰᠠᠷᠭᠠᠢ ᠴᠡᠴᠡᠭ ᠢ ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ ᠰᠢᠭᠰᠢᠨ | ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ | ᠰᠣᠷᠭᠤᠭ ᠴᠡᠴᠡᠭ ᠢ ᠪᠠᠷᠠᠭᠠᠨ ᠤ ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ | ᠨᠤᠲᠠᠯᠠᠵᠤ ᠪᠠᠶᠢᠬᠤ ᠪᠠᠨ ᠢᠯᠡᠳᠬᠡᠵᠡᠢ᠃ ᠰᠢ ᠶᠢᠨ ᠫᠢᠩ᠂ ᠶᠦᠨᠨᠠᠨ ᠤ ᠴᠡᠴᠡᠭ ᠤᠨ ᠠᠵᠤ ᠦᠢᠯᠡᠰ ᠤᠨ ᠠᠯᠤᠰ | ᠢᠷᠡᠭᠡᠳᠦᠢ ᠥᠷᠭᠡᠨ ᠠᠭᠤᠳᠠᠮ ᠪᠠᠶᠢᠨ᠎ᠠ ᠃ ᠪᠦᠭᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ | ᠂ ᠲᠠᠷᠢᠮᠠᠯ ᠤᠨ ᠦᠢᠯᠡᠰ ᠤᠨ ᠦᠵᠦᠭᠦᠷᠯᠢᠭ᠂ ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ | ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ ᠠᠵᠢᠯᠯᠠᠵᠤ᠂ ᠡᠨᠡ ᠬᠦ᠋ ︽ᠦᠵᠡᠰᠬᠦᠯᠡᠩᠲᠦ ᠰᠠᠶᠢᠬᠠᠨ ᠠᠵᠤ ᠦᠢᠯᠡᠰ︾ | ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠠᠵᠤ ᠦᠢᠯᠡᠰ︾ ᠪᠤᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ | ᠵᠢᠭᠤᠯᠴᠢᠯᠠᠬᠰᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ | ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ | ᠵᠢᠭᠤᠯᠴᠢᠯᠠᠬᠤ ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ ᠲᠡᠦᠬᠡ᠂ ᠨᠠᠰᠢ | ᠦᠨᠳᠦᠰᠦᠲᠡᠨ ᠤ ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ | ᠬᠠᠮᠠᠭᠠᠯᠠᠨ ᠠᠰᠢᠭᠯᠠᠭᠰᠠᠨ ᠪᠠᠶᠢᠳᠠᠯ ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ | ᠪᠠᠶᠢᠳᠠᠯ ᠵᠡᠷᠭᠡ ᠶᠢ ᠨᠠᠷᠢᠨ ᠤᠶᠢᠯᠭᠠᠪᠠ᠃ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ ᠲᠠᠢ | ᠠᠭᠤᠯᠵᠠᠭᠠᠳ ᠲᠦᠢᠯ ᠢᠶᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠪᠠᠰᠠ ᠬᠥᠭᠵᠢᠮ ᠬᠥᠭᠵᠢᠮᠳᠡᠵᠦ᠂ | ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ | ᠰᠣᠯᠢᠯᠴᠠᠵᠤ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ | ᠲᠥᠷᠥᠭᠳᠡᠯ ᠢ ᠤᠶᠢᠯᠭᠠᠪᠠ᠃ ᠲᠡᠷᠡ ᠲᠤᠬᠠᠢ ᠶᠢᠨ ᠭᠠᠵᠠᠷ ᠤᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ | ᠰᠠᠶᠢᠳᠤᠷ ᠰᠢᠢᠳᠪᠦᠷᠢᠯᠡᠵᠦ᠂ ᠡᠨᠡ ᠬᠦ᠋ ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ ᠭᠢᠯᠪᠠᠭ᠎ᠠ ᠶᠢ | ᠰᠠᠴᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠡᠷᠲᠡᠨ ᠤ ᠬᠤᠳᠠ ᠶᠢᠨ ᠳᠣᠲᠣᠷᠠᠬᠢ ᠮᠦ᠋ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ | ᠪᠠᠷᠠᠭᠤᠨ ᠡᠮᠦᠨᠡᠲᠦ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ | ᠭᠡᠷᠡᠴᠢᠯᠡᠵᠡᠢ᠃ ᠰᠢ ᠶᠢᠨ ᠫᠢᠩ ᠮᠦ᠋ ᠣᠪᠣᠭᠲᠤ ᠶᠢᠨ ᠠᠶ᠋ᠢᠮᠠᠭ ᠤᠨ ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ | ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦ᠋ᠩᠪᠠ ᠶᠢᠨ ᠰᠣᠶᠣᠯ ᠤᠨ ᠰᠤᠳᠤᠯᠭᠠᠨ ᠤ ᠦᠷ᠎ᠡ ᠪᠦᠲᠦᠭᠡᠯ ᠤᠨ | ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ᠋ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ | ᠮᠡᠲᠦ ᠶᠢᠨ ᠴᠢᠬᠤᠯᠠ ᠰᠣᠶᠣᠯ ᠤᠨ ᠪᠡᠯᠭᠡ ᠲᠡᠮᠳᠡᠭ ᠢ ᠰᠠᠶᠢᠳᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠰᠠᠶᠢᠳᠤᠷ ᠬᠠᠮᠠᠭᠠᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ | ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ ᠰᠢ ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ | ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ ᠮᠠᠨᠳᠤᠭᠰᠠᠨ ᠨᠡᠷ᠎ᠡ | ᠠᠯᠳᠠᠷ ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ | ᠴᠢᠳᠠᠨ᠎ᠠ ᠭᠡᠪᠡ᠃ ᠲᠡᠷᠡ ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ | ᠮᠡᠲᠦ᠂ ᠵᠣᠯ ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠢᠭᠠᠰᠠᠢ ᠭᠡᠵᠦ ᠵᠥᠩᠨᠡᠪᠡ᠃ | 20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠤ ᠣᠯᠣᠭᠰᠠᠨ | ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ | ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ | ᠨᠥᠬᠦᠴᠡᠯ ᠵᠡᠷᠭᠡ ᠠᠳᠠᠯᠢ ᠪᠤᠰᠤ ᠪᠠᠶᠢᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ | ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ | ᠣᠨᠴᠠᠯᠢᠭ ᠢᠶᠠᠨ ᠳᠤᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠤᠳᠤᠷᠢᠳᠤᠮᠵᠢ ᠪᠣᠯᠭᠠᠨ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ | ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ | ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ | ᠲᠠᠷᠢᠶᠠᠯᠠᠩ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ | ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠢᠳᠡᠪᠬᠢᠲᠡᠢ | ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ | ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ | ᠡᠨᠧᠷᠭᠢ᠂ ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ | ᠲᠦᠷᠦᠯ ᠤᠨ ᠨᠡᠭᠡᠭᠡᠯᠲᠡᠲᠤ ᠲᠠᠪᠴᠠᠩ ᠢ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ | ᠡᠷᠭᠢᠨ ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠴᠢᠳᠠᠪᠤᠷᠢᠲᠠᠨ᠂ | ᠡᠮᠴᠢᠯᠡᠭᠡ᠂ ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ | ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ | ᠪᠦᠷᠢᠨᠰᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ | ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ | ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ | ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ | ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ | ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ | ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ | ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ | ᠮᠥᠨ᠃ ᠨᠢᠭᠡ ᠭᠠᠵᠠᠷ ᠣᠷᠣᠨ ᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ | ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ ᠡᠰᠡᠬᠦ ᠶᠢ ᠦᠵᠡᠬᠦ ᠪᠣᠯ ᠨᠢᠭᠡ | ᠴᠢᠬᠤᠯᠠ ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠪᠠᠨ ᠦᠨᠡᠨ ᠬᠦ᠋ ᠭᠦᠢᠴᠡᠳᠬᠡᠵᠦ᠂ ᠣᠪᠣᠷ ᠰᠤᠷᠲᠠᠯ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ | ᠲᠤᠰ ᠪᠡᠶ᠎ᠡ ᠶᠢᠨ ᠵᠢᠰᠢᠶᠡᠴᠢ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠤᠨ | ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ | ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ | ᠦᠭᠡᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠶᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ | ᠪᠠᠶᠢᠷᠢᠯᠠᠭᠤᠯᠵᠠᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ | ᠴᠢᠩᠭᠠᠳᠬᠠᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ | ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ | ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠶᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡ ᠤᠠᠶᠢᠯᠭᠠᠵᠤ᠂ ᠬᠤᠯᠪᠣᠭᠳᠠᠯ | ᠪᠦᠬᠦᠢ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ | ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠰᠢᠶᠡᠴᠢ᠂ | ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ | ᠪᠦᠭᠦ ᠳᠠᠷᠤᠭ᠎ᠠ ᠪᠠᠶᠢᠯᠳᠤᠭᠴᠢᠤᠨ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ | ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ | ᠳᠡᠪᠰᠢᠭᠦᠯᠦᠭᠴᠢ᠄ ᠲᠡᠷᠭᠡᠯ | |