ᠵᠠᠩᠭᠠᠨ ᠰᠤᠮᠤ 2024 ᠣᠨ ᠤ ᠲᠣᠰᠬᠤᠨ ᠳᠤ ᠰᠠᠭᠤᠭ᠎ᠠ ᠺᠠᠳ᠋ᠷ ᠢ ᠬᠢᠨᠠᠨ ᠰᠢᠯᠭᠠᠬᠤ ᠠᠵᠢᠯ ᠥᠷᠨᠢᠭᠦᠯᠪᠡ | | ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠰᠢᠯᠭᠠᠨ ᠪᠠᠶᠢᠴᠠᠭᠠᠵᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠢ ᠦᠨᠡᠨ | ᠪᠣᠳᠠᠲᠠᠢ ᠡᠭᠦᠷᠭᠡᠯᠡᠪᠡ᠃ ᠣᠶᠢᠷ᠎ᠠ ᠳᠤ᠂ ᠵᠠᠩᠭᠠᠨ ᠰᠤᠮᠤ ᠲᠤᠰᠬᠠᠢ ᠲᠥᠷᠥᠯ ᠤᠨ ᠬᠢᠨᠠᠨ ᠰᠢᠯᠭᠠᠬᠤ ᠳᠤᠭᠤᠶᠢᠯᠠᠩ | ᠪᠠᠶᠢᠭᠤᠯᠵᠤ᠂ ᠪᠦᠬᠦ ᠰᠤᠮᠤ ᠶᠢᠨ 10 ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷ 2024 ᠣᠨ ᠤ | ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠳᠤ ᠪᠦᠬᠦ ᠲᠠᠯ᠎ᠠ ᠶᠢᠨ ᠬᠢᠨᠠᠨ ᠰᠢᠯᠭᠠᠯᠲᠠ | ᠬᠢᠪᠡ᠃ | | | | | ᠬᠢᠨᠠᠨ ᠰᠢᠯᠭᠠᠬᠤ ᠳᠤᠭᠤᠶᠢᠯᠠᠩ ᠬᠤᠷᠠᠯ ᠬᠤᠷᠠᠯᠳᠤᠭᠤᠯᠬᠤ᠂ ᠲᠤᠰᠢᠶᠠᠯ ᠤᠨ ᠮᠡᠳᠡᠭᠦᠯᠦᠯᠲᠡ ᠶᠢ ᠰᠣᠨᠣᠰᠬᠤ᠂ | ᠠᠷᠠᠳᠴᠢᠯᠠᠯ ᠢᠶᠠᠷ ᠬᠢᠨᠠᠨ ᠲᠣᠭᠲᠠᠭᠠᠬᠤ ᠶᠢ ᠥᠷᠨᠢᠭᠦᠯᠬᠦ᠂ ᠪᠣᠳᠠᠲᠤ ᠭᠠᠵᠠᠷ ᠲᠤᠨᠢ ᠮᠠᠲ᠋ᠧᠷᠢᠶᠠᠯ ᠪᠠᠶᠢᠴᠠᠭᠠᠨ ᠦᠵᠡᠬᠦ | ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠳᠤ ᠰᠠᠭᠤᠭ᠎ᠠ | ᠬᠠᠪᠰᠤᠷᠤᠨ ᠲᠡᠳᠬᠦᠬᠦ ᠠᠵᠢᠯ ᠤᠨ ᠠᠩᠭᠢ ᠲᠣᠮᠢᠯᠠᠨ ᠰᠠᠭᠤᠭ᠎ᠠ ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠣᠯᠬᠤ᠂ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠣᠯᠠᠨ ᠲᠦᠮᠡᠨ ᠦᠨᠡᠯᠡᠬᠦ ᠵᠡᠷᠭᠡ ᠲᠠᠯ᠎ᠠ ᠶᠢᠨ ᠪᠠᠶᠢᠳᠠᠯ ᠳᠤ ᠬᠢᠨᠠᠨ | ᠰᠢᠯᠭᠠᠯᠲᠠ ᠬᠢᠬᠦ ᠶᠢᠨ ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠥᠬᠡᠢ | ᠲᠠᠯ᠎ᠠ ᠶᠢ ᠲᠤᠬᠠᠢ ᠶᠢᠨ ᠭᠠᠵᠠᠷ ᠲᠤᠨᠢ ᠬᠠᠷᠢᠭᠤ ᠲᠤᠰᠬᠠᠵᠤ᠂ ᠬᠠᠪᠰᠤᠷᠤᠨ ᠲᠡᠳᠬᠦᠬᠦ ᠡᠯ᠎ᠡ ᠠᠵᠢᠯ ᠤᠨ ᠠᠩᠭᠢ | ᠨᠢᠭᠡ ᠨᠢᠭᠡ ᠪᠠᠷ ᠵᠦᠢᠴᠢᠯᠡᠨ ᠨᠥᠭᠦᠭᠡ ᠶᠢ ᠠᠳᠬᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠰᠠᠶᠢᠲᠤᠷ | ᠠᠳᠬᠤᠬᠤ ᠶᠢ ᠱᠠᠭᠠᠷᠳᠠᠭᠰᠠᠨ ᠪᠠᠶᠢᠨ᠎ᠠ᠃ | | | | | ᠲᠤᠰ ᠤᠳᠠᠭᠠᠨ ᠤ ᠬᠢᠨᠠᠨ ᠰᠢᠯᠭᠠᠬᠤ ᠪᠠᠷ ᠳᠠᠮᠵᠢᠨ᠂ ᠡᠯ᠎ᠡ ᠲᠣᠰᠬᠤᠨ ᠳᠤ ᠰᠠᠭᠤᠭ᠎ᠠ ᠬᠠᠪᠰᠤᠷᠤᠨ | ᠲᠡᠳᠬᠦᠬᠦ ᠠᠵᠢᠯ ᠤᠨ ᠠᠩᠭᠢ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠪᠠᠷ | ᠪᠠᠷᠠᠬᠤ ᠥᠬᠡᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠬᠠᠮᠲᠤ᠂ 2025 ᠣᠨ ᠤ | ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠢ ᠪᠦᠲᠦᠮᠵᠢᠲᠡᠢ ᠪᠠᠷ ᠥᠷᠨᠢᠭᠦᠯᠬᠦ ᠳᠤ ᠪᠠᠲᠤ ᠪᠠᠬᠢ | ᠰᠠᠭᠤᠷᠢ ᠲᠠᠯᠪᠢᠵᠤ ᠥᠭᠴᠡᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |