ᠬᠠᠪᠤᠷ ᠤᠨ ᠲᠠᠷᠢᠶᠠᠯᠠᠯᠲᠠ ᠳᠤ  ᠲᠣᠰᠣ  ᠨᠡᠮᠡᠷᠢᠯᠡᠭᠰᠡᠨ
ᠨᠡᠶᠢᠲᠡᠯᠡᠭᠰᠡᠨ ᠴᠠᠭ᠄
2025/3/26
     ᠬᠠᠪᠤᠷ ᠤᠨ ᠲᠠᠷᠢᠶᠠᠯᠠᠯᠲᠠ ᠳᠤ  ᠲᠣᠰᠣ  ᠨᠡᠮᠡᠷᠢᠯᠡᠭᠰᠡᠨ           、      ᠮᠠᠨ ᠤ ᠬᠤᠰᠢᠭᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠳ ᠲᠤ ᠦᠢᠯᠡᠴᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠂ᠬᠠᠪᠤᠷ ᠤᠨ ᠲᠠᠷᠢᠶᠠᠯᠠᠯᠲᠠ ᠳᠤ《 ᠲᠣᠰᠣᠨ ᠤ ᠬᠥᠳᠡᠯᠭᠡᠬᠦ ᠬᠦᠴᠦᠨ 》ᠨᠡᠮᠡᠷᠢᠯᠡᠭᠰᠡᠨ ᠪᠠᠶᠢᠨ᠎ᠠ᠃       ᠣᠶᠢᠷ᠎ᠠ ᠶᠢᠨ ᠡᠳᠦᠷ᠂ ᠳ᠋ᠦᠩ ᠪᠠ ᠬᠤᠤ ᠰᠢᠶᠠᠩ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠤᠯᠠᠭᠠᠨᠴᠠᠪ ᠤᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ ᠬᠠᠮᠲᠤᠷᠠᠨ《ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠲᠤᠰᠠᠯᠠᠬᠤ ᠴᠢᠯᠠᠭᠤᠨ ᠲᠣᠰᠣ ᠶᠢ ᠬᠥᠳᠡᠭᠡ ᠬᠦᠷᠭᠡᠬᠦ》ᠠᠵᠢᠯᠯᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠳᠤ ᠲᠣᠰᠣᠨ ᠤ ᠵᠦᠢᠯ ᠤᠨ ᠳᠥᠭᠦᠮ ᠲᠦᠳᠡ ᠦᠢᠯᠡᠴᠢᠯᠡᠭᠡ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠤᠰᠤ ᠬᠡᠷᠡᠭᠯᠡᠬᠦ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠪᠡ᠃        ᠡᠨᠡ ᠤᠳᠠᠭ᠎ᠠ ᠶᠢᠨ《ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠲᠤᠰᠠᠯᠠᠬᠤ ᠴᠢᠯᠠᠭᠤᠨ ᠲᠣᠰᠣ ᠶᠢ ᠬᠥᠳᠡᠭᠡ ᠬᠦᠷᠭᠡᠬᠦ》ᠠᠵᠢᠯᠯᠠᠭ᠎ᠠ ᠪᠣᠯ ᠳ᠋ᠦᠩ ᠪᠠ ᠬᠤᠤ ᠰᠢᠶᠠᠩ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ ᠲᠤᠰᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠲᠣᠰᠣᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ᠂ ᠮᠥᠨ ᠴᠦ ᠪᠦᠬᠦ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠣᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ ᠯᠢᠨ   ᠰᠦᠩ ᠰᠢᠶᠣᠣ ᠢᠦᠢ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2