ᠳᠥᠷᠪᠡᠳ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ | ᠱᠦᠵᠢ ᠶᠢᠨ ᠲᠤᠰᠢᠶᠠᠯ ᠡᠭᠦᠷᠭᠡᠯᠡᠬᠦ ᠵᠠᠷᠯᠢᠭ ᠢ ᠨᠡᠶᠢᠲᠡᠯᠡᠬᠦ ᠶᠡᠭᠡ ᠬᠤᠷᠠᠯ ᠬᠢᠪᠡ | | 3 ᠰᠠᠷ᠎ᠠ ᠶᠢᠨ 24 ᠤ ᠡᠳᠦᠷ᠂ ᠳᠥᠷᠪᠡᠳ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠳᠤ ᠲᠣᠮᠢᠯᠠᠬᠤ ᠵᠠᠷᠯᠢᠭ ᠢ ᠨᠡᠶᠢᠲᠡᠯᠡᠬᠦ ᠬᠤᠷᠠᠯ ᠬᠢᠵᠦ᠂ ᠤᠯᠠᠭᠠᠨᠴᠠᠪ ᠤᠨ | ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠶᠡᠭᠡ ᠰᠤᠷᠭᠠᠭᠤᠯᠢ ᠶᠢᠨ ᠤᠯᠤᠰ ᠲᠥᠷᠥ ᠶᠢᠨ | ᠭᠡᠰᠢᠭᠦᠨ ᠬᠤᠸᠠᠩ ᠰᠢᠦᠸᠠᠢ ᠮᠢᠩ ᠲᠤᠰᠢᠶᠠᠯ ᠳᠤ ᠲᠣᠮᠢᠯᠠᠬᠤ ᠮᠡᠳᠡᠭᠳᠡᠯ ᠢ ᠤᠩᠰᠢᠨ ᠨᠡᠶᠢᠲᠡᠯᠡᠬᠦ᠂ ᠵᠣᠣ ᠵᠢᠶᠠᠨ ᠫᠢᠩ ᠢ | ᠳᠥᠷᠪᠡᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ | ᠪᠠᠷ ᠲᠣᠮᠢᠯᠠᠬᠤ ᠶᠢᠨ ᠬᠠᠮᠲᠤ ᠲᠤᠰᠢᠶᠠᠯ ᠳᠤ ᠲᠣᠮᠢᠯᠠᠭᠰᠠᠨ ᠪᠢᠴᠢᠭ ᠭᠠᠷᠳᠠᠭᠤᠯᠪᠠ᠃ | | | | | ᠵᠣᠣ ᠵᠢᠶᠠᠨ ᠫᠢᠩ᠂ ᠨᠢᠭᠡᠳᠦᠭᠡᠷ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠴᠡᠷᠢᠭ ᠤᠨ ᠶᠠᠪᠤᠳᠠᠯ ᠤᠨ | ᠪᠠᠶᠢᠭᠤᠯᠭ᠎ᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠠᠷᠠᠳ ᠤᠨ ᠵᠡᠪᠰᠡᠭᠲᠦ ᠬᠦᠴᠦᠨ ᠤ ᠠᠵᠢᠯ ᠤᠨ ᠲᠤᠬᠠᠢ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ | ᠭᠦᠢᠴᠡᠳᠬᠡᠵᠦ᠂ ᠴᠡᠷᠢᠭ ᠢᠶᠠᠨ ᠬᠦᠴᠦᠷᠬᠡᠭᠵᠢᠭᠦᠯᠬᠦ ᠡᠭᠦᠷᠭᠡ ᠪᠠᠨ ᠪᠠᠲᠤ ᠰᠠᠬᠢᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠡᠯᠰᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ | ᠠᠵᠢᠯ ᠢ ᠴᠢᠨᠠᠷᠯᠢᠭ ᠰᠠᠶᠢᠨ ᠠᠳᠬᠤᠵᠤ᠂ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠭᠦᠨᠵᠡᠭᠡᠢ ᠪᠣᠳᠠᠲᠠᠢ | ᠨᠠᠶᠢᠳᠠᠪᠤᠷᠢᠵᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠵᠦ᠂ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠬᠤ ᠡᠯ᠎ᠡ ᠲᠥᠷᠥᠯ ᠤᠨ ᠠᠵᠢᠯ ᠢ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠤᠸᠠᠩ ᠰᠢᠦᠸᠠᠢ ᠮᠢᠩ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢ | ᠲᠥᠯᠥᠭᠡᠯᠡᠨ ᠪᠠᠶᠠᠷ ᠬᠦᠷᠭᠡᠵᠦ᠂ ᠳᠥᠷᠪᠡᠳ ᠬᠤᠰᠢᠭᠤᠨ ᠤ ᠣᠶᠢᠷ᠎ᠠ ᠶᠢᠨ ᠵᠢᠯ ᠤᠨ ᠲᠤᠷᠰᠢᠬᠢ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠤᠭᠰᠠᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ | ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ | ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠤᠯᠤᠰ | ᠲᠥᠷᠥ ᠶᠢᠨ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠲᠡᠶᠢᠨ ᠳᠤ ᠪᠡᠯᠡᠳᠬᠡᠵᠦ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠭᠦᠨ | ᠭᠦᠨᠵᠡᠭᠡᠢ ᠪᠣᠳᠠᠲᠠᠢ ᠪᠠᠶᠢᠳᠠᠯ ᠢ ᠯᠠᠪᠳᠠᠭᠤᠨ ᠢᠶᠠᠷ ᠠᠬᠢᠭᠤᠯᠵᠤ᠂ ᠨᠠᠮᠠ᠋ᠴᠠ ᠵᠡᠪᠰᠡᠭᠲᠦ ᠬᠦᠴᠦᠨ ᠢ ᠬᠠᠮᠢᠶᠠᠷᠬᠤ ᠶᠠᠰᠤ | ᠴᠢᠨᠠᠷ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |