ᠮᠠᠨ ᠤ ᠬᠤᠰᠢᠭᠤ ᠬᠤᠶᠠᠷ ᠮᠢᠩᠭ᠎ᠠ ᠬᠤᠷᠢᠨ ᠲᠠᠪᠤᠨ ᠣᠨ ᠤ ᠳᠡᠯᠡᠬᠡᠢ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ | | ᠣᠶᠢᠷ᠎ᠠ ᠳᠤ᠂ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶ᠎ᠠ ᠣᠯᠠᠨ ᠰᠠᠯᠠᠭ᠎ᠠ | ᠮᠥᠴᠢᠷ ᠲᠠᠢ ᠬᠤᠯᠪᠣᠭᠠᠯᠠᠨ 《 ᠠᠮᠢᠳᠤ ᠪᠣᠳᠠᠰ ᠤᠨ ᠲᠥᠷᠥᠯ ᠵᠦᠢ ᠶᠢ ᠬᠠᠮᠠᠭᠠᠯᠠᠬᠤ ᠪᠡᠯᠡ ᠣᠷᠣᠭᠤᠯᠤᠯᠲᠠ ᠪᠠᠨ | ᠨᠡᠮᠡᠭᠳᠡᠭᠦᠯᠵᠦ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤᠪᠠᠷ | ᠪᠠᠶᠢᠭᠤᠯᠤᠶ᠎ᠠ 》ᠭᠡᠬᠦ ᠭᠤᠣᠯ ᠰᠡᠳᠦᠪᠲᠦ 2025 ᠣᠨ ᠤ 《 ᠳᠡᠯᠡᠬᠡᠢ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | ᠲᠤᠰ ᠤᠳᠠᠭ᠎ᠠ ᠶᠢᠨ ᠠᠵᠢᠯᠯᠠᠭ᠎ᠠ ᠶᠢ ᠦᠷᠨᠢᠭᠦᠯᠦᠭᠰᠡᠨ ᠨᠢ᠂ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ | ᠤᠷᠭᠤᠮᠠᠯ ᠢ ᠬᠠᠮᠠᠭᠠᠯᠠᠬᠤ ᠠᠩᠬᠠᠷᠤᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ | ᠨᠡᠶᠢᠭᠡᠮ ᠢᠶᠠᠷ ᠢᠶᠠᠨ ᠵᠡᠷᠯᠢᠭ ᠠᠮᠢᠲᠠᠨ ᠤᠷᠭᠤᠮᠠᠯ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠬᠤ ᠶᠢᠨ | ᠲᠥᠯᠥᠭᠡ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠤᠬᠠᠢ ᠣᠯᠠᠨ ᠨᠡᠶᠢᠲᠡ ᠶᠢᠨ ᠲᠠᠨᠢᠯᠲᠠ ᠪᠣᠯᠤᠨ | ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠡᠯᠴᠢᠭᠡᠷᠯᠡᠭᠦᠯᠬᠦ ᠶᠢ ᠴᠠᠭᠠᠵᠠᠯᠠᠬᠤ | ᠂ ᠪᠡᠯᠴᠢᠭᠡᠷ ᠰᠡᠯᠭᠦᠨ ᠮᠠᠯᠵᠢᠬᠤ ᠳᠦᠷᠢᠮ ᠵᠢᠴᠢ ᠣᠢ ᠰᠢᠭᠤᠢ ᠶᠢᠨ ᠲᠦᠢᠮᠡᠷ ᠢ ᠰᠡᠷᠭᠡᠶᠢᠯᠡᠬᠦ ᠲᠤᠬᠠᠢ ᠣᠯᠠᠨ | ᠲᠦᠮᠡᠨ ᠤ ᠣᠶᠢᠯᠠᠭᠠᠯᠲᠠ ᠪᠣᠯᠤᠨ ᠳᠡᠮᠵᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠦᠬᠦ ᠨᠡᠶᠢᠭᠡᠮ ᠢᠶᠠᠷ ᠢᠶᠠᠨ | ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠠᠮᠲᠤᠪᠠᠷ ᠠᠩᠬᠠᠷᠴᠤ᠂ ᠳᠡᠮᠵᠢᠬᠦ ᠪᠠ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠠᠨ᠎ᠠ ᠢᠦᠢ ᡁᠢ ᠹᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |