ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠮᠠᠨ ᠤ ᠬᠤᠰᠢᠭᠤᠨ ᠳᠤ ᠠᠯᠪᠠᠨ ᠵᠢᠷᠤᠮ ᠤᠨ ᠡᠮᠴᠢᠯᠡᠭᠡ ᠬᠢᠭᠰᠡᠨ
ᠨᠡᠶᠢᠲᠡᠯᠡᠭᠰᠡᠨ ᠴᠠᠭ᠄
2025/3/5
      ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠮᠠᠨ ᠤ ᠬᠤᠰᠢᠭᠤᠨ ᠳᠤ ᠠᠯᠪᠠᠨ ᠵᠢᠷᠤᠮ ᠤᠨ ᠡᠮᠴᠢᠯᠡᠭᠡ ᠬᠢᠭᠰᠡᠨ             ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃       ᠲᠤᠰ ᠤᠳᠠᠭ᠎ᠠ ᠶᠢᠨ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠳᠤ᠂ ᠰᠢᠨ᠎ᠡ ᠮᠡᠨᠳᠦᠯᠡᠭᠰᠡᠨ ᠨᠢᠯᠬ᠎ᠠ ᠬᠡᠦᠬᠡᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ᠂ ᠡᠷᠲᠡ ᠲᠥᠷᠥᠭᠰᠡᠨ ᠬᠡᠦᠬᠡᠳ ᠢ ᠶᠡᠷᠦᠩᠬᠡᠶᠢᠯᠡᠨ ᠬᠠᠮᠢᠶᠠᠷᠬᠤ᠂ ᠰᠠᠶ᠋ᠢ ᠲᠥᠷᠥᠭᠰᠡᠨ ᠬᠡᠦᠬᠡᠳ ᠤᠨ ᠠᠶᠤᠯᠲᠠᠢ ᠬᠦᠨᠳᠦ ᠡᠪᠡᠳᠴᠢᠨ ᠢ ᠲᠦᠷᠭᠡᠨ ᠠᠪᠤᠷᠠᠬᠤ᠂ ᠬᠡᠦᠬᠡᠳ ᠤᠨ ᠤᠨᠠᠳᠠᠭ ᠡᠪᠡᠳᠴᠢᠨ᠂ ᠬᠡᠦᠬᠡᠳ ᠤᠨ ᠣᠶᠤᠨ ᠤᠬᠠᠭᠠᠨ ᠤ ᠰᠠᠭᠠᠳ ᠪᠠ ᠮᠡᠳᠡᠷᠡᠯ ᠤᠨ ᠤᠳᠤᠮᠰᠢᠯ ᠤᠨ ᠡᠪᠡᠳᠴᠢᠨ ᠢ ᠣᠨᠣᠰᠢᠯᠠᠨ ᠵᠠᠰᠠᠬᠤ ᠵᠢᠴᠢ ᠬᠡᠳᠦ ᠳᠠᠭᠤᠨ ᠤ ᠣᠨᠣᠰᠢᠯᠠᠯᠲᠠ ᠵᠡᠷᠭᠡ ᠡᠮᠴᠢᠯᠡᠭᠡᠨ ᠤ ᠲᠥᠷᠥᠯ ᠵᠦᠢᠯ ᠢ ᠪᠠᠭᠲᠠᠭᠠᠭᠰᠠᠨ ᠪᠠᠶᠢᠨ᠎ᠠ᠃       ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠡᠨᠡ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠲᠣᠬᠢᠶᠠᠯ ᠪᠣᠯᠭᠠᠨ᠂ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠮᠴᠢᠯᠡᠭᠡᠨ ᠤ ᠰᠢᠰᠲ᠋ᠧᠮ ᠯᠦᠭᠡ ᠶᠢᠨ ᠡᠮᠴᠢᠯᠡᠭᠡᠨ ᠤ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠢ ᠴᠢᠩᠭᠠᠳᠬᠠᠵᠤ᠂ ᠨᠡᠩ ᠣᠯᠠᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠡᠮᠨᠡᠯᠭᠡ ᠶᠢᠨ ᠬᠤᠷᠢᠶᠠᠨ ᠤ ᠪᠦᠬᠦ᠋ᠯᠡ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠳᠡᠭᠡᠭᠰᠢᠯᠡᠭᠦᠯᠵᠦ᠂ ᠨᠡᠩ ᠣᠯᠠᠨ ᠠᠷᠠᠳ ᠲᠦᠮᠡᠨ ᠳᠤ ᠠᠰᠢᠭ ᠬᠦᠷᠲᠡᠭᠡᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠭᠡᠭᠡᠨᠲᠠᠨ᠎ᠠ    ᠢᠦᠢ ᡁᠢ ᠹᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2