ᠰᠦᠯᠳᠡ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2025/3/5
      ᠰᠦᠯᠳᠡ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ               ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ ᠮᠠᠨ ᠤ ᠬᠤᠰᠢᠭᠤᠨ ᠤ ᠱᠢ ᠵᠢᠩ ᠬᠤᠳᠠᠯᠳᠤᠭᠠᠨ ᠤ ᠠᠰᠠᠷ᠂ ᠬᠠᠢ ᠰᠢᠨ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠥᠷᠲᠡᠭᠡ᠂ ᠬᠠᠶᠠᠭᠳᠠᠮᠠᠯ ᠪᠤᠳᠠᠰ ᠰᠢᠢᠳᠪᠦᠷᠢᠯᠡᠬᠦ ᠦᠢᠯᠡᠳᠪᠦᠷᠢ᠂ ᠳ᠋ᠦᠩ ᠱᠠᠨ ᠴᠡᠴᠡᠷᠯᠢᠭ᠂ ᠵᠢᠷᠭᠤᠳᠤᠭᠠᠷ ᠪᠠᠭ᠎ᠠ ᠰᠤᠷᠭᠠᠭᠤᠯᠢ ᠵᠡᠷᠭᠡ ᠭᠠᠵᠠᠷ ᠢᠶᠠᠷ ᠭᠦᠨᠵᠡᠭᠡᠶᠢᠷᠡᠵᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃       ᠰᠦᠯᠳᠡ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ᠋ ᠠᠴᠠ ᠬᠦᠨᠳᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠳᠬᠠᠵᠤ᠂ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ ᠰᠡᠳᠬᠢᠯᠭᠡ ᠶᠢ ᠡᠷᠡᠰ ᠲᠡᠪᠴᠢᠵᠦ《ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ》ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠰᠡᠨ ᠪᠠᠶᠢᠨ᠎ᠠ᠃       ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠲᠦᠡᠭ ᠰᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠯᠢ ᠨᠢᠩ      ᠰᠦᠩ ᠰᠢᠶᠣᠣ ᠢᠦᠢᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2