ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠬᠤᠷᠠᠯ | ᠬᠤᠷᠠᠯᠳᠤᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ ᠳᠤᠮᠳᠠᠳᠤ ᠤᠯᠤᠰ ᠤᠨ ᠡᠪ ᠬᠠᠮᠲᠦ | ᠨᠠᠮ ᠤᠨ ᠲᠥᠪ ᠬᠤᠷᠢᠶ᠎ᠡ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠬᠢᠯᠭᠠᠨ ᠮᠡᠳᠡᠭᠡ | ᠳᠣᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ ᠤᠯᠤᠰ ᠳᠦᠷᠦ ᠶᠢᠨ ᠲᠣᠪᠴᠢᠶ᠎ᠠ 2 | ᠰᠠᠷ᠎ᠠ ᠶᠢᠨ 28 ᠤ ᠡᠳᠦᠷ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ | ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠭ᠎ᠠ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠤᠨ ᠨᠤᠤᠷᠠᠭ ᠢ | ᠶᠠᠷᠢᠯᠴᠠᠪᠠ᠃ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ ᠶᠡᠷᠦᠩᠬᠡᠢ ᠱᠦᠵᠢ ᠰᠢ ᠶᠢᠨ ᠫᠢᠩ | ᠬᠤᠷᠠᠯ ᠢ ᠡᠷᠬᠢᠯᠡᠪᠡ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ | ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ ᠮᠠᠨ ᠤ ᠤᠯᠤᠰ ᠤᠨ | ᠠᠵᠤ ᠠᠬᠤᠢ ᠶᠢᠨ ᠡᠷᠬᠢᠯᠳᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ | ᠪᠠᠶᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠵᠠᠢ | ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠳᠤᠷ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ | ᠰᠠᠶᠢᠨ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ | ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠰᠢᠯᠲᠡ ᠶᠢ ᠲᠣᠭᠲᠠᠪᠤᠷᠢᠵᠢᠭᠤᠯᠤᠨ᠂ ᠠᠮᠢᠵᠢᠷᠠᠯ ᠤᠨ ᠬᠦᠴᠦᠨ ᠢ | ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠪᠠ | ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠳᠡᠪᠰᠢᠭᠦᠯᠦᠭᠴᠢ᠄ ᠲᠡᠷᠭᠡᠯ | |