ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠠᠷᠪᠠ ᠵᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ — | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠠᠮᠤᠭᠤᠯᠠᠩᠲᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ ᠬᠡᠷᠡᠭᠲᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 1 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 28 ᠤ ᠦᠳᠡ ᠶᠢᠨ ᠡᠮᠦᠨ᠎ᠡ ᠨᠡᠩ | ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠤᠬᠠᠢ ᠠᠷᠪᠠ ᠵᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠠᠵᠢᠯ ᠦᠢᠯᠡᠰ ᠤᠨ ᠬᠥᠭᠵᠢᠯ ᠪᠠᠳᠠᠷᠠᠯ ᠲᠠᠢ ᠬᠤᠯᠪᠣᠭᠳᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ | ᠲᠣᠭᠲᠠᠭᠤᠨ ᠲᠠᠢ ᠬᠤᠯᠪᠣᠭᠳᠠᠵᠤ ᠪᠠᠶᠢᠭ᠎ᠠ ᠶᠤᠮ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠨᠡᠩ ᠠᠮᠤᠷ ᠲᠦᠪᠰᠢᠨ᠂ ᠨᠡᠶᠢᠭᠡᠮ ᠨᠡᠩ ᠡᠮᠬᠢ ᠳᠢᠭᠯᠢᠮ ᠲᠠᠢ᠂ | ᠵᠠᠰᠠᠯᠲᠠ ᠨᠡᠩ ᠪᠦᠲᠦᠮᠵᠢᠲᠡᠢ᠂ ᠠᠷᠠᠳ ᠲᠦᠮᠡᠨ ᠨᠡᠩ ᠬᠠᠨᠤᠮᠵᠢᠲᠠᠢ ᠪᠠᠶᠢᠬᠤ ᠳᠡᠭᠡᠷ᠎ᠡ ᠦᠷᠭᠦᠯᠵᠢᠯᠡᠨ ᠬᠦᠴᠦᠯᠡᠵᠦ᠂ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠪᠠᠷᠠᠭᠤᠨ ᠡᠮᠦᠨᠡᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ | ᠫᠷᠤᠹᠧᠰᠰᠤᠷ ᠯᠢ ᠶᠠᠨ ᠨᠥᠬᠦᠷ ᠡᠨᠡ ᠬᠦ᠋ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠤᠰ ᠤᠨ ᠠᠮᠤᠷ | ᠲᠦᠪᠰᠢᠨ ᠤ ᠤᠳᠤᠷᠢᠳᠬᠤ ᠪᠠᠶᠢᠭᠤᠯᠤᠮᠵᠢ ᠪᠣᠯᠣᠨ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ | ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ | ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ | ᠡᠷᠡᠰ ᠬᠠᠮᠠᠭᠠᠯᠠᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠪᠠᠷ | ᠲᠣᠭᠲᠠᠭᠤᠨ ᠪᠠᠶᠢᠬᠤ ︽ᠬᠤᠶᠠᠷ ᠶᠡᠭᠡ ᠭᠠᠶ᠋ᠢᠬᠠᠮᠰᠢᠭ︾ ᠤᠨ ᠰᠢᠨ᠎ᠡ ᠬᠠᠭᠤᠳᠠᠰᠤ ᠶᠢ ᠠᠮᠵᠢᠯᠲᠠᠲᠠᠢ ᠦᠷᠭᠦᠯᠵᠢᠯᠡᠨ | ᠪᠢᠴᠢᠭᠯᠡᠵᠡᠢ᠃ ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠠᠮᠤᠭᠤᠯᠠᠩᠲᠤ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠵᠤ ᠪᠤᠯᠬᠤ ᠦᠭᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ | ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ | ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ | ᠶᠣᠰᠣ ᠮᠥᠨ ᠭᠡᠬᠦ ᠤᠶᠢᠯᠭᠠᠭᠳᠠᠬᠤᠨ ᠢ ᠤᠯᠠᠮ ᠨᠢᠭᠡ ᠠᠯᠬᠤᠮ ᠪᠤᠢ ᠪᠤᠯᠭᠠᠵᠤ᠂ ᠠᠵᠢᠯ ᠤᠨ ᠳᠤᠮᠳᠠ ᠪᠠᠨ ᠬᠥᠭᠵᠢᠯᠲᠡ | ᠪᠠ ᠠᠮᠤᠷ ᠲᠦᠪᠰᠢᠨ ᠢ ᠤᠬᠠᠮᠰᠠᠷ ᠠᠴᠠ ᠪᠠᠨ ᠨᠢᠭᠡᠳᠬᠡᠨ᠂ ᠬᠠᠮᠲᠤ ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ | ᠪᠠᠶᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠤᠯᠤᠰ ᠳᠠᠶᠠᠭᠠᠷ ᠢᠶᠠᠨ ᠨᠢᠭᠡ ᠬᠥᠯᠭᠡ ᠰᠢᠲᠠᠷ᠎ᠠ ᠮᠡᠲᠦ | ᠪᠠᠶᠢᠬᠤ ᠶᠢ ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠵᠡᠷᠭᠡ ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ | ᠣᠷᠣᠨ ᠪᠦᠰᠡ ᠨᠢᠭᠡ ᠠᠵᠤ ᠦᠢᠯᠡᠰ ᠤᠨ ᠠᠮᠤᠷ ᠲᠦᠪᠰᠢᠨ ᠢ ᠰᠠᠶᠢᠳᠤᠷ ᠠᠳᠬᠤᠬᠤ ᠪᠠᠷ ᠳᠠᠮᠵᠢᠨ ᠤᠯᠤᠰ ᠤᠨ ᠪᠦᠬᠦᠯᠢ | ᠴᠣᠭᠴᠠ ᠶᠢᠨ ᠠᠮᠤᠷ ᠲᠦᠪᠰᠢᠨ ᠳᠤ ᠨᠥᠬᠦᠴᠡᠯ ᠡᠭᠦᠳᠦᠨ ᠥᠭᠴᠦ᠂ ᠠᠮᠤᠷ ᠲᠦᠪᠰᠢᠨ ᠤ ᠠᠰᠠᠭᠤᠳᠠᠯ ᠢ ᠴᠠᠭ | ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠪᠠᠷ ᠳᠠᠮᠵᠢᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ | ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠠᠷᠠᠳ ᠲᠦᠮᠡᠨ ᠤ ᠲᠥᠯᠥᠭᠡ | ᠪᠥᠭᠡᠳ ᠪᠠᠰᠠ ᠠᠷᠠᠳ ᠲᠦᠮᠡᠨ ᠳᠤ ᠲᠦᠰᠢᠭᠯᠡᠨ᠎ᠡ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ᠋ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ | ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠤᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ | ᠬᠥᠮᠥᠨ ᠪᠦᠭᠦᠨ ᠡᠳ᠋ᠯᠡᠬᠦ ᠨᠡᠶᠢᠭᠮᠡ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | ᠥᠪᠡᠷ ᠢ ᠪᠠᠨ ᠭᠦᠨᠳᠦᠳᠬᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠥᠭᠡᠳᠡᠷᠡᠭ ᠨᠡᠶᠢᠭᠡᠮ ᠤᠨ | ᠰᠡᠳᠬᠢᠴᠡ ᠶᠢ ᠬᠥᠮᠥᠵᠢᠭᠦᠯᠵᠦ᠂ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ | ᠬᠠᠤᠯᠢ ᠪᠠᠷ ᠵᠠᠰᠠᠬᠤ ᠶᠢ ᠡᠷᠭᠢᠮᠯᠡᠭᠦ᠂ ᠪᠣᠯᠪᠠᠰᠤᠨ ᠢᠶᠠᠷ ᠨᠠᠶᠢᠷ ᠲᠠᠯᠪᠢᠬᠤ ᠴᠠᠭ ᠦᠶ᠎ᠡ ᠶᠢᠨ ᠰᠢᠨ᠎ᠡ ᠰᠤᠷᠲᠠᠯ ᠢ | ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠠᠮᠤᠭᠤᠯᠠᠩᠲᠤ | ᠳᠤᠮᠳᠠᠳᠤ ᠤᠯᠤᠰ ᠤᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠣᠨ᠎ᠠ᠃ ᠤᠯᠤᠰ ᠤᠨ ᠤᠯᠤᠰ ᠲᠦᠷᠦ ᠶᠢᠨ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠭᠦᠨ ᠪᠡᠶᠢᠷᠢᠨ ᠳᠤ ᠲᠠᠯᠪᠢᠵᠤ᠂ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ᠂ | ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ | ᠬᠡᠷᠡᠭᠲᠡᠢ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ | ᠲᠦᠪᠰᠢᠨ ᠵᠡᠷᠭᠡ ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠠᠶᠢᠭᠤᠯᠬᠤ ᠳᠤ | ᠡᠷᠬᠡᠪᠰᠢ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ | ᠬᠡᠷᠡᠭᠲᠡᠢ᠃ ᠲᠤᠰᠬᠠᠢ ᠵᠠᠰᠠᠬᠤ ᠪᠠ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ | ᠡᠬᠢ ᠡᠭᠦᠰᠦᠯ ᠠᠴᠠ ᠵᠠᠰᠠᠬᠤ ᠶᠢ ᠤᠶᠠᠯᠳᠤᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ | ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠶᠢ ᠴᠣᠭᠴᠠᠯᠠᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠵᠤ᠂ ᠡᠯ᠎ᠡ ᠵᠦᠢᠯ ᠤᠨ ᠵᠥᠷᠢᠴᠡᠯ ᠵᠠᠭᠤᠷᠠᠯᠳᠤᠭᠠᠨ ᠢ ᠴᠠᠭ | ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠤᠨ ᠠᠮᠤᠷ ᠲᠦᠪᠰᠢᠨ ᠤ ᠠᠵᠢᠯ᠂ ᠤᠯᠤᠰ ᠲᠦᠷᠦ ᠬᠠᠤᠯᠢ | ᠴᠠᠭᠠᠵᠠ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ | ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠮᠤᠭᠤᠯᠠᠩᠲᠤ ᠪᠠᠶᠢᠭᠤᠯᠤᠯᠲᠠ ᠳᠤᠮᠳᠠᠬᠢ ᠪᠦᠭᠦ ᠲᠠᠯ᠎ᠠ ᠶᠢ ᠶᠡᠷᠦᠩᠬᠡᠶᠢᠯᠡᠨ | ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠥᠪ | ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠳᠤ ᠦᠶ᠎ᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠡᠶᠢᠭᠮᠡ ᠤᠨ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠳᠡᠪᠰᠢᠭᠦᠯᠦᠭᠴᠢ ᠄ ᠲᠡᠷᠭᠡᠯ | |